ᠵᠤᠬᠢᠶᠠᠭᠴᠢ:
ᠴᠠᠭ:2026-02-06
ᠥᠵᠡᠭᠰᠡᠨ : ℃
ᠢᠷᠡᠯᠲᠡ:
ᠬᠣᠲᠠ ᠵᠢᠨ ᠨᠠᠮ ᠤᠨ ᠬᠣᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠬᠤᠳᠠ ᠵᠢᠨ ᠨᠠᠮ ᠤᠨ ᠬᠣᠷᠢᠶ᠎ᠠ ᠵᠢᠨ ᠵᠢᠷᠭᠤᠳᠤᠭᠠᠷ ᠬᠤᠭᠤᠴᠠᠭᠠᠨ ᠤ ᠠᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠪᠠ
ᠮᠧᠩ ᠰᠢᠶᠠᠨ ᠳ᠋ᠦᠩ ᠬᠤᠷᠠᠯ ᠢ ᠡᠷᠭᠢᠯᠡᠵᠦ ᠶᠠᠷᠢᠶ᠎ᠠ ᠲᠠᠯᠪᠢᠵᠠᠢ
·ᠳᠠᠯᠠᠨᠲᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ
2026 2 ᠰᠠᠷ᠎ᠠ ᠵᠢᠨ 1 ᠤ ᠡᠳᠦᠷ᠂ ᠬᠣᠲᠠ ᠵᠢᠨ ᠨᠠᠮ ᠤᠨ ᠬᠣᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠬᠣᠲᠠ ᠵᠢᠨ ᠨᠠᠮ ᠤᠨ ᠬᠣᠷᠢᠶ᠎ᠠ ᠵᠢᠨ ᠵᠢᠷᠭᠤᠳᠤᠭᠠᠷ ᠬᠤᠭᠤᠴᠠᠭᠠᠨ ᠤ ᠂ ᠠᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠪᠠ᠃ ᠮᠧᠩ ᠰᠢᠶᠠᠨ ᠳ᠋ᠦᠩ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ·ᠳᠠᠯᠠᠨᠲᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠬᠣᠲᠠ ᠵᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠨᠠᠷ ᠠᠵᠢᠯ ᠤᠨ ᠬᠤᠪᠢᠶᠠᠷᠢᠯᠠᠯ ᠵᠢᠠᠨ ᠦᠨᠳᠦᠰᠦᠯᠡᠨ᠂ ᠬᠣᠲᠠ ᠵᠢᠨ ᠨᠠᠮ ᠤᠨ ᠬᠣᠷᠢᠶ᠎ᠠ ᠵᠢᠨ ᠵᠢᠷᠭᠤᠳᠤᠭᠠᠷ ᠬᠤᠭᠤᠴᠠᠭᠠᠨ ᠤ ᠂ ᠠᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠨᠠᠶᠢᠳᠠᠪᠤᠷᠢᠵᠢᠭᠤᠯᠬᠤ ᠵᠢᠨ ᠲᠣᠭᠣᠷᠢᠨ ᠳᠤ᠂ ᠬᠠᠮᠢᠶᠠᠷᠴᠤ ᠪᠠᠶᠢᠭ᠎ᠠ ᠬᠦᠷᠢᠶᠡᠨ ᠳᠠᠬᠢ ᠶᠡᠷᠦᠩᠬᠡᠢ ᠂ ᠣᠶᠢᠷ᠎ᠠ ᠵᠢᠨ ᠬᠤᠭᠤᠴᠠᠭᠠᠨ ᠤ ᠭᠣᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ᠂ ᠠᠵᠢᠯ ᠤᠨ ᠲᠤᠬᠠᠢ ᠰᠠᠨᠠᠯ ᠰᠠᠨᠠᠭᠤᠯᠭ᠎ᠠ ᠪᠠᠨ ᠲᠤᠰ ᠲᠤᠰ ᠬᠠᠷᠢᠭᠤ ᠮᠡᠳᠡᠭᠦᠯᠵᠡᠢ᠃ ᠮᠧᠩ ᠰᠢᠶᠠᠨ ᠳ᠋ᠦᠩ ᠨᠠᠷᠢᠨ ᠬᠢᠨᠠᠮᠠᠭᠠᠢ ᠰᠣᠨᠣᠰᠬᠤ ᠵᠢᠨ ᠬᠠᠮᠲᠤ ᠨᠢᠭᠡᠳ ᠨᠢᠭᠡ ᠪᠠᠷ ᠦᠨᠡᠯᠡᠵᠦ᠂ ᠦᠷ᠎ᠡ ᠪᠦᠲᠦᠮᠵᠢ ᠵᠢ ᠨᠤᠲᠠᠯᠠᠬᠤ ᠪᠠᠷ ᠪᠠᠷᠠᠬᠤ ᠦᠭᠡᠢ ᠪᠠᠰᠠ ᠠᠰᠠᠭᠤᠳᠠᠯ ᠢ ᠵᠢᠭᠠᠨ ᠭᠠᠷᠭᠠᠵᠤ᠂ ᠳᠠᠷᠠᠭᠠᠴᠢ ᠵᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃
ᠬᠤᠷᠠᠯ ᠠᠴᠠ ᠵᠢᠭᠠᠵᠤ ᠭᠠᠷᠭᠠᠭᠰᠠᠨ ᠨᠢ᠂ ᠲᠦᠷᠭᠡᠨ ᠬᠥᠳᠡᠯᠦᠯᠴᠡᠵᠦ᠂ ᠰᠠᠨᠠᠭᠠᠴᠢᠯᠠᠭ᠎ᠠ ᠵᠢ ᠲᠡᠮᠡᠴᠡᠨ ᠣᠯᠵᠤ᠂ ᠰᠠᠶᠢᠨ ᠡᠭᠢᠯᠡᠯᠲᠡ ᠲᠠᠢ ᠪᠤᠯᠭᠠᠵᠤ᠂ ᠰᠠᠶᠢᠨ ᠰᠠᠶᠢᠬᠠᠨ ᠤᠷᠤᠭᠰᠢᠯᠠᠬᠤ ᠤᠶᠤᠨ ᠰᠠᠨᠠᠭᠠᠨ ᠤ ᠪᠠᠶᠢᠳᠠᠯ ᠢ ᠬᠥᠭᠵᠢᠭᠡᠬᠦ ᠬᠡᠷᠡᠭᠲᠡᠢ᠃ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠲᠥᠯᠦᠪᠵᠢᠭᠦᠯᠭᠡ ᠵᠢᠨ ᠡᠭᠢᠯᠡᠯᠲᠡ ᠵᠢᠨ ᠵᠢᠯ ᠮᠥᠨ᠂ ᠣᠳᠣᠬᠠᠨ ᠳᠤ ᠨᠢᠭᠡᠨᠲᠡ 2 ᠰᠠᠷ᠎ᠠ ᠪᠣᠯᠵᠠᠢ᠂ ᠶᠠᠭ ᠨᠢᠭᠡ ᠵᠢᠯ ᠤᠨ ᠠᠵᠢᠯ ᠤᠨ ᠡᠭᠢᠯᠡᠯᠲᠡ ᠵᠢᠨ ᠱᠠᠲᠤᠨ ᠳᠤ ᠣᠷᠣᠰᠢᠵᠤ ᠪᠠᠶᠢᠨ᠎ᠠ᠂《ᠠᠷᠪᠠᠨ ᠲᠠᠪᠤᠳᠤᠭᠠᠷ ᠲᠠᠪᠤᠨ ᠵᠢᠯ》 ᠲᠥᠯᠦᠪᠵᠢᠭᠦᠯᠭᠡ ᠵᠢᠨ ᠬᠤᠭᠤᠴᠠᠭ᠎ᠠ ᠪᠠ ᠡᠨᠡ ᠵᠢᠯ ᠤᠨ ᠠᠵᠢᠯ ᠵᠢᠠᠨ ᠰᠠᠶᠢᠨ ᠡᠬᠢᠯᠡᠵᠦ᠂ ᠰᠠᠶᠢᠨ ᠡᠭᠢᠯᠡᠯᠲᠡ ᠲᠠᠢ ᠪᠤᠯᠭᠠᠬᠤ ᠵᠢ ᠦᠨᠡᠨ ᠬᠦ ᠪᠠᠲᠤᠯᠠᠬᠤ ᠵᠢᠨ ᠵᠠᠩᠭᠢᠯᠠᠭ᠎ᠠ ᠨᠢ ᠨᠠᠶᠢᠳᠠᠪᠤᠷᠢᠵᠢᠭᠤᠯᠬᠤ ᠠᠵᠢᠯ ᠤᠨ ᠯᠠᠪᠳᠠᠭᠤᠨ ᠪᠠᠲᠤᠲᠠᠢ ᠪᠠᠶᠢᠬᠤ ᠡᠰᠡᠬᠦ ᠵᠢ ᠦᠵᠡᠨ᠎ᠡ᠃ ᠪᠦᠭᠦ ᠬᠣᠲᠠ ᠪᠠᠷ ᠵᠢᠠᠨ ᠤᠯᠤᠰ ᠲᠥᠷᠥ ᠵᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠤᠳᠤ ᠠᠴᠠ ᠡᠬᠢᠯᠡᠨ ᠬᠥᠳᠡᠯᠦᠯᠴᠡᠵᠦ᠂ ᠪᠠᠴᠢᠮ ᠶᠠᠭᠠᠷᠠᠯᠳᠤᠵᠤ᠂ ᠬᠦᠯᠢᠶᠡᠬᠦ ᠦᠭᠡᠢ ᠲᠦᠰᠢᠬᠦ ᠦᠭᠡᠢ᠂ ᠡᠷᠲᠡᠯᠡᠵᠦ ᠳᠡᠢᠯᠪᠡᠯ ᠡᠷᠲᠡᠯᠡᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠪᠦᠭᠦ ᠰᠡᠳᠬᠢᠯ ᠪᠦᠭᠦ ᠵᠣᠷᠢᠭ ᠵᠢᠠᠷ ᠵᠢᠠᠨ ᠠᠵᠢᠯ ᠤᠨ ᠨᠠᠶᠢᠳᠠᠪᠤᠷᠢᠵᠢᠭᠤᠯᠤᠯᠲᠠ ᠵᠢ ᠠᠳᠬᠤᠬᠤ ᠦᠢᠯᠡᠳᠦᠯᠭᠡ ᠳᠤ ᠣᠷᠣᠯᠴᠠᠵᠤ᠂ ᠪᠦᠭᠦ ᠲᠠᠯ᠎ᠠ ᠪᠠᠷ ᠬᠤᠷᠳᠤᠴᠠ ᠪᠠᠨ ᠲᠦᠷᠭᠡᠳᠬᠡᠨ ᠨᠡᠬᠡᠵᠦ ᠭᠦᠢᠴᠡᠬᠦ᠂ ᠴᠢᠨᠠᠷ ᠰᠠᠶᠢᠲᠠᠢ ᠳᠠᠪᠠᠯᠲᠠ ᠲᠠᠢ ᠪᠠᠷ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠠᠭᠤᠷ ᠠᠮᠢᠰᠬᠤᠯ ᠢ ᠦᠨᠡᠨ ᠬᠦ ᠪᠤᠢ ᠪᠤᠯᠭᠠᠵᠤ᠂ ᠡᠯ᠎ᠡ ᠲᠦᠷᠦᠯ ᠤᠨ ᠠᠵᠢᠯ ᠵᠢᠠᠨ ᠰᠠᠶᠢᠨ ᠡᠬᠢᠯᠡᠭᠦᠯᠵᠦ᠂ ᠰᠠᠶᠢᠨ ᠠᠮᠵᠢᠯᠲᠠ ᠣᠯᠬᠤ ᠵᠢ ᠪᠠᠲᠤᠯᠠᠬᠤ ᠬᠡᠷᠡᠭᠲᠡᠢ ᠭᠡᠪᠡ᠃
ᠬᠤᠷᠠᠯ ᠠᠴᠠ ᠴᠢᠬᠤᠯᠠᠴᠢᠯᠠᠭᠰᠠᠨ ᠨᠢ᠂ ᠡᠷᠡᠰ ᠵᠣᠷᠢᠭ ᠵᠢᠠᠨ ᠪᠠᠲᠤᠳᠬᠠᠵᠤ᠂ ᠬᠦᠴᠦ ᠲᠠᠯᠪᠢᠵᠤ᠂ ᠣᠨ ᠤ ᠭᠣᠣᠯ ᠠᠵᠢᠯ ᠪᠣᠯᠣᠨ ᠭᠣᠣᠯᠳᠠᠯᠭ᠎ᠠ ᠲᠠᠢ ᠡᠭᠦᠷᠭᠡ ᠵᠢᠨ ᠨᠠᠶᠢᠳᠠᠪᠤᠷᠢᠵᠢᠭᠤᠯᠤᠯᠲᠠ ᠵᠢ ᠪᠦᠭᠦ ᠬᠦᠴᠦᠨ ᠵᠢᠡᠷ ᠵᠢᠡᠨ ᠠᠬᠢᠭᠤᠯᠬᠤ ᠬᠡᠷᠡᠭᠲᠡᠢ᠃ ᠬᠤᠳᠠ ᠵᠢᠨ ᠨᠠᠮ ᠤᠨ ᠬᠣᠷᠢᠶ᠎ᠠ ᠵᠢᠨ ᠵᠢᠷᠭᠤᠳᠤᠭᠠᠷ ᠬᠤᠭᠤᠴᠠᠭᠠᠨ ᠤ ᠂ ᠠᠷᠪᠠᠳᠤᠭᠠᠷ ᠪᠦᠭᠦᠳᠡ ᠬᠤᠷᠠᠯ ᠠᠴᠠ ᠪᠦᠭᠦ ᠬᠤᠳᠠ ᠵᠢᠨ 《ᠠᠷᠪᠠᠨ ᠲᠠᠪᠤᠳᠤᠭᠠᠷ ᠲᠠᠪᠤᠨ ᠵᠢᠯ》 ᠲᠥᠯᠦᠪᠵᠢᠭᠦᠯᠭᠡ ᠵᠢᠨ ᠬᠤᠭᠤᠴᠠᠭ᠎ᠠ ᠪᠠ ᠡᠨᠡ ᠵᠢᠯ ᠤᠨ ᠠᠵᠢᠯ ᠢ ᠪᠦᠭᠦ ᠲᠠᠯ᠎ᠠ ᠪᠠᠷ ᠰᠢᠰᠲ᠋ᠧᠮ ᠲᠠᠢ ᠪᠠᠶᠢᠷᠢᠯᠠᠭᠤᠯᠵᠤ᠂ ᠪᠦᠭᠦ ᠬᠤᠳᠠ ᠵᠢᠨ ᠬᠣᠶᠠᠷ ᠬᠤᠷᠠᠯ ᠠᠴᠠ ᠬᠤᠳᠠ ᠵᠢᠨ ᠨᠠᠮ ᠤᠨ ᠬᠣᠷᠢᠶ᠎ᠠ ᠵᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠵᠢ ᠨᠠᠶᠢᠳᠠᠪᠤᠷᠢᠵᠢᠭᠤᠯᠬᠤ ᠵᠢᠨ ᠲᠣᠭᠣᠷᠢᠨ ᠳᠤ ᠪᠣᠳᠠᠲᠠᠢ ᠲᠣᠬᠢᠷᠠᠭᠤᠯᠤᠯᠲᠠ ᠬᠢᠪᠡ᠂ ᠲᠠᠷᠠᠭᠠᠴᠢ ᠵᠢᠨ ᠠᠯᠬᠤᠮ ᠤᠨ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠵᠢ ᠠᠳᠬᠤᠬᠤ ᠶᠠᠪᠤᠳᠠᠯ ᠪᠣᠯᠣᠨ᠎ᠠ᠃ ᠨᠠᠶᠢᠳᠠᠪᠤᠷᠢᠵᠢᠭᠤᠯᠬᠤ ᠡᠷᠴᠢᠮ ᠵᠢᠡᠨ ᠦᠨᠡᠨ ᠬᠦ ᠴᠢᠩᠭᠠᠷᠠᠭᠤᠯᠵᠤ᠂ ᠬᠣᠲᠠ ᠵᠢᠨ ᠨᠠᠮ ᠤᠨ ᠬᠣᠷᠢᠶ᠎ᠠ ᠵᠢᠨ ᠲᠣᠳᠣᠷᠬᠠᠶᠢᠯᠠᠭᠰᠠᠨ ᠣᠨ ᠤ ᠭᠣᠣᠯ ᠠᠵᠢᠯ ᠪᠠ ᠭᠣᠣᠯᠳᠠᠯᠭ᠎ᠠ ᠲᠠᠢ ᠡᠭᠦᠷᠭᠡ ᠵᠢᠨ ᠲᠣᠭᠣᠷᠢᠨ ᠳᠤ᠂《ᠪᠠᠷᠢᠯᠭ᠎ᠠ ᠵᠢᠨ ᠵᠢᠷᠤᠭ ᠲᠥᠯᠥᠪᠯᠡᠭᠡ》ᠵᠢ ᠱᠠᠯᠠᠪᠳᠠᠨ ᠬᠢᠵᠦ᠂ 《ᠪᠠᠷᠢᠯᠭ᠎ᠠ ᠡᠬᠢᠯᠡᠭᠦᠯᠦᠨ ᠪᠦᠲᠦᠭᠡᠨ ᠪᠠᠢᠢᠭᠤᠯᠬᠤ》ᠵᠢ ᠠᠬᠢᠭᠤᠯᠵᠤ᠂ ᠬᠠᠪᠤᠷ ᠤᠨ ᠤᠯᠠᠷᠢᠯ ᠳᠤ ᠠᠵᠢᠯ ᠡᠬᠢᠯᠡᠭᠦᠯᠬᠦ ᠴᠢᠬᠤᠯᠠ ᠶᠡᠬᠡ ᠲᠥᠷᠥᠯ ᠵᠦᠢᠯ ᠪᠠ ᠭᠣᠣᠯᠳᠠᠯᠭ᠎ᠠ ᠲᠠᠢ ᠢᠨᠵᠧᠨᠧᠷᠢᠩ ᠳᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠩᠭ᠎ᠠ ᠠᠳᠬᠤᠵᠤ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠬᠦ ᠵᠢ ᠦᠨᠡᠨ ᠬᠦ ᠪᠠᠲᠤᠯᠠᠬᠤ ᠭᠡᠷᠡᠭᠲᠡᠢ᠄ ᠣᠨ ᠤ ᠭᠣᠣᠯᠳᠠᠯᠭ᠎ᠠ ᠲᠠᠢ ᠠᠵᠢᠯ ᠤᠨ ᠡᠭᠦᠷᠭᠡ ᠵᠢᠨ ᠲᠤᠬᠠᠢ᠂ ᠠᠵᠢᠯᠯᠠᠭ᠎ᠠ ᠵᠢᠨ ᠲᠥᠰᠥᠯ ᠲᠣᠭᠲᠠᠭᠠᠵᠤ᠂ ᠡᠭᠦᠷᠭᠡ ᠵᠢᠨ ᠨᠠᠷᠢᠨ ᠳᠠᠩᠰᠠ ᠵᠢ ᠪᠦᠷᠢᠯᠳᠦᠭᠦᠯᠵᠦ᠂ ᠬᠠᠷᠢᠭᠤᠴᠠᠯᠭ᠎ᠠ ᠵᠢᠨ ᠬᠤᠪᠢᠶᠠᠷᠢᠯᠠᠯ ᠢ ᠨᠠᠷᠢᠯᠢᠭᠵᠢᠭᠤᠯᠵᠤ᠂ ᠴᠠᠭ ᠲᠤᠬᠠᠢ ᠳᠤᠨᠢ ᠱᠠᠯᠠᠪᠳᠠᠭᠤᠯᠤᠨ ᠦᠷ᠎ᠡ ᠪᠦᠲᠦᠮᠵᠢ ᠵᠢ ᠨᠢ ᠠᠰᠠᠭᠤᠵᠤ᠂ ᠪᠣᠭᠣᠮᠲᠠ ᠰᠢᠪᠲᠤᠯᠬᠤ ᠤᠬᠠᠮᠰᠠᠷ ᠵᠢᠠᠨ ᠦᠨᠡᠨ ᠬᠦ ᠴᠢᠩᠭᠠᠳᠬᠠᠵᠤ᠂ ᠠᠵᠢᠯ ᠤᠨ ᠭᠣᠣᠯᠳᠠᠯᠭ᠎ᠠ ᠪᠠᠨ ᠲᠤᠪᠤᠢᠯᠭᠠᠵᠤ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠪᠦᠭᠦ ᠬᠦᠴᠦᠨ ᠵᠢᠡᠷ ᠵᠢᠡᠨ《ᠠᠭᠤᠯᠠᠨ ᠣᠷᠣᠢ》ᠵᠢ ᠢᠯᠡᠭᠦᠬᠡᠨ ᠂ 《ᠪᠡᠬᠢᠯᠡᠯᠲᠡ》ᠵᠢ ᠢᠯᠡᠭᠦᠬᠡᠨ ᠳᠡᠯᠪᠡᠴᠢᠵᠦ᠂ ᠪᠠᠭ᠎ᠠ ᠢᠯᠠᠯᠲᠠ ᠵᠢ ᠬᠤᠷᠠᠮᠳᠤᠭᠤᠯᠤᠨ ᠶᠡᠬᠡ ᠢᠯᠠᠯᠲᠠ ᠪᠤᠯᠭᠠᠬᠤ ᠵᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠤᠳᠤᠷᠢᠳᠤᠮᠵᠢ ᠵᠢ ᠪᠦᠭᠦ ᠲᠠᠯ᠎ᠠ ᠪᠠᠷ ᠴᠢᠩᠭᠠᠳᠬᠠᠵᠤ᠂ ᠬᠤᠳᠠ ᠵᠢᠨ ᠲᠡᠰ ᠳᠠᠪᠬᠤᠷᠭ᠎ᠠ ᠵᠢᠨ ᠦᠵᠦ ᠲᠥᠯᠥᠪᠯᠡᠭᠡ ᠵᠢ ᠴᠢᠩᠭᠠᠳᠬᠠᠵᠤ᠂ ᠡᠯ᠎ᠡ ᠲᠠᠯ᠎ᠠ ᠵᠢᠨ ᠠᠵᠢᠯ ᠢ ᠴᠥᠮ ᠪᠠᠴᠢᠮ ᠶᠠᠭᠠᠷᠠᠯᠲᠠᠢ᠂ ᠨᠠᠷᠢᠨ ᠬᠢᠨᠠᠮᠠᠭᠠᠢ᠂ ᠡᠮᠬᠢ ᠴᠡᠭᠴᠡ ᠲᠠᠢ ᠠᠬᠢᠭᠤᠯᠬᠤ ᠵᠢ ᠪᠠᠲᠤᠯᠠᠬᠤ ᠭᠡᠷᠡᠭᠲᠡᠢ᠄ ᠡᠭᠦᠨ ᠤ ᠵᠡᠷᠭᠡ ᠪᠠᠷ ᠨᠣᠶᠠᠨᠴᠢ ᠰᠤᠷᠲᠠᠯ᠂ ᠦᠵᠡᠯ ᠢ ᠡᠷᠡᠰ ᠡᠰᠡᠷᠭᠦᠴᠡᠨ ᠲᠡᠪᠴᠢᠵᠦ᠂ ᠦᠨᠳᠦᠰᠦᠨ ᠱᠠᠲᠤᠨ ᠤ ᠠᠵᠢᠯ ᠤᠨ ᠪᠣᠳᠠᠲᠤ ᠪᠠᠶᠢᠳᠠᠯ ᠢ ᠦᠨᠡᠨ ᠬᠦ ᠣᠶᠢᠯᠠᠭᠠᠵᠤ᠂ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠦᠨᠳᠦᠰᠦᠨ ᠱᠠᠲᠤ ᠵᠢ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠶᠢ᠍ᠳᠪᠦᠷᠢᠯᠡᠵᠦ᠂ ᠦᠨᠳᠦᠰᠦᠨ ᠱᠠᠲᠤᠨ ᠤ ᠨᠥᠬᠥᠳ ᠲᠠᠢ ᠬᠠᠮᠲᠤ ᠪᠠᠷ ᠠᠵᠢᠯᠯᠠᠵᠤ᠂ ᠬᠠᠮᠲᠤ ᠪᠠᠷ ᠬᠠᠲᠠᠭᠤᠵᠢᠯᠲᠠᠢ ᠠᠵᠢᠯᠯᠠᠵᠤ᠂ ᠰᠡᠳᠬᠢᠯ ᠵᠢᠡᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠠᠵᠢᠯ ᠤᠨ ᠰᠢᠨ᠎ᠡ ᠪᠠᠶᠢᠳᠠᠯ ᠢ ᠪᠤᠢ ᠪᠤᠯᠭᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠳᠣᠷᠣᠭᠰᠢ ᠪᠠᠭᠤᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠱᠠᠲᠤᠨ ᠤ ᠪᠠᠶᠢᠳᠠᠯ ᠢ ᠨᠡᠪᠲᠡ ᠣᠶᠢᠯᠠᠭᠠᠵᠤ᠂ ᠬᠠᠷᠠᠯᠲᠠ ᠲᠠᠢ ᠪᠠᠷ ᠲᠥᠰᠥᠯ ᠲᠣᠭᠲᠠᠭᠠᠵᠤ᠂ ᠠᠷᠭ᠎ᠠ ᠬᠡᠮᠵᠢᠶ᠎ᠡ ᠲᠣᠭᠲᠠᠭᠠᠬᠤ ᠵᠢ ᠪᠠᠲᠤᠯᠠᠬᠤ ᠭᠡᠷᠡᠭᠲᠡᠢ ᠰᠠᠨᠠᠭᠠᠴᠢᠯᠠᠭ᠎ᠠ ᠠᠴᠠ ᠪᠠᠨ ᠳᠡᠭᠡᠭᠰᠢ《ᠶᠠᠮᠤᠨ》 《ᠲᠢᠩᠬᠢᠮ》ᠵᠢᠡᠷ ᠭᠦᠶᠦᠵᠦ᠂ ᠳᠡᠭᠡᠷ᠎ᠡ ᠱᠠᠲᠤᠨ ᠤ ᠳᠡᠮᠵᠢᠯᠭᠡ ᠵᠢ ᠣᠯᠬᠤ ᠪᠠᠷ ᠪᠦᠭᠦ ᠬᠦᠴᠦᠨ ᠵᠢᠡᠷ ᠵᠢᠡᠨ ᠴᠢᠷᠮᠠᠶᠢᠵᠤ᠂ ᠢᠳᠡᠪᠬᠢᠲᠡᠢ ᠪᠠᠷ ᠭᠠᠳᠠᠭᠰᠢ ᠪᠠᠨ ᠨᠡᠪᠲᠡᠷᠡᠯᠴᠡᠨ ᠵᠣᠯᠭᠠᠭᠤᠯᠵᠤ᠂ ᠬᠤᠳᠠᠯᠳᠤᠭᠠᠴᠢᠨ ᠤᠷᠢᠵᠤ ᠪᠡᠯᠡ ᠮᠥᠩᠭᠥ ᠲᠠᠳᠡᠨ ᠣᠷᠣᠭᠤᠯᠬᠤ ᠵᠢ ᠶᠡᠬᠡᠪᠡᠷ ᠥᠷᠨᠢᠭᠦᠯᠵᠦ᠂ ᠠᠮᠵᠢᠯᠲᠠ ᠲᠠᠢ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠨ ᠲᠣᠯᠢᠳᠠᠬᠤ ᠬᠡᠷᠡᠭᠲᠡᠢ᠃ ᠠᠮᠤᠷ ᠲᠦᠪᠰᠢᠨ ᠵᠢᠡᠷ ᠬᠥᠭᠵᠢᠭᠦᠯᠬᠦ ᠡᠨᠡ ᠬᠦ ᠪᠣᠭᠣᠮᠲᠠ ᠵᠢ ᠤᠷᠢᠳᠠᠪᠠᠷ ᠲᠤᠭᠤᠯᠬᠤ ᠵᠢ ᠦᠨᠡᠨ ᠬᠦ ᠪᠠᠲᠤᠯᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠦᠢᠯᠡᠳᠪᠦᠷᠢᠯᠡᠯ ᠤᠨ ᠭᠡᠮ ᠰᠣᠭᠣᠭ ᠢ ᠪᠠᠶᠢᠴᠠᠭᠠᠨ ᠴᠡᠭᠴᠡᠯᠡᠬᠦ ᠵᠢ ᠪᠦᠭᠦ ᠲᠠᠯ᠎ᠠ ᠪᠠᠷ ᠥᠷᠨᠢᠭᠦᠯᠵᠦ᠂ ᠡᠯ᠎ᠡ ᠱᠠᠲᠤᠨ ᠤ ᠡᠯ᠎ᠡ ᠲᠦᠷᠦᠯ ᠤᠨ ᠦᠢᠯᠡᠳᠪᠦᠷᠢᠯᠡᠯ ᠤᠨ ᠬᠠᠷᠢᠭᠤᠴᠠᠯᠭ᠎ᠠ ᠵᠢ ᠴᠢᠩᠭ᠎ᠠ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠬᠡ ᠲᠠᠯ᠎ᠠ ᠵᠢᠨ ᠲᠣᠭᠲᠠᠭᠤᠨ ᠢ ᠪᠦᠭᠦ ᠬᠦᠴᠦᠨ ᠵᠢᠡᠷ ᠵᠢᠡᠨ ᠬᠠᠮᠠᠭᠠᠯᠠᠬᠤ ᠬᠡᠷᠡᠭᠲᠡᠢ ᠭᠡᠪᠡ᠃
ᠬᠤᠷᠠᠯ ᠠᠴᠠ ᠵᠢᠭᠠᠵᠤ ᠭᠠᠷᠭᠠᠭᠰᠠᠨ ᠨᠢ᠂ ᠴᠠᠭᠠᠨ ᠰᠠᠷ᠎ᠠ ᠣᠢᠢᠷᠠᠳᠴᠤ᠂ ᠠᠵᠢᠯ ᠤᠯᠠᠨ ᠪᠠᠶᠢᠨ᠎ᠠ᠂ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠨᠡᠢᠳᠡ ᠳᠤᠨᠢ ᠬᠠᠷᠠᠭᠠᠯᠵᠠᠵᠤ᠂ ᠬᠦᠴᠢᠷᠳᠡᠯ ᠲᠠᠢ ᠤᠯᠠᠨ ᠲᠦᠮᠡᠨ ᠢ ᠲᠤᠰᠠᠯᠠᠵᠤ ᠲᠡᠳᠬᠦᠬᠦ᠂ ᠳᠤᠯᠠᠭᠠᠯᠠᠭ᠎ᠠ ᠬᠡᠢ ᠬᠠᠩᠭᠠᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ᠂ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠬᠢᠳᠠᠯ ᠲᠣᠭᠲᠠᠭᠤᠨ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠡᠭᠦᠷᠭᠡ ᠵᠢ ᠪᠣᠳᠠᠲᠠᠢ ᠨᠠᠷᠢᠨ ᠠᠳᠬᠤᠵᠤ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ ᠠᠮᠤᠷ ᠠᠮᠤᠭᠤᠯᠠᠩ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠵᠢ ᠪᠠᠲᠤᠯᠠᠬᠤ ᠬᠡᠷᠡᠭᠲᠡᠢ ᠭᠡᠪᠡ᠃