ᠵᠤᠬᠢᠶᠠᠭᠴᠢ:
ᠴᠠᠭ:2026-02-27
ᠥᠵᠡᠭᠰᠡᠨ : ℃
ᠢᠷᠡᠯᠲᠡ: ᠲᠥᠩᠯᠢᠶᠣᠣ ᠮᠣᠩᠭᠣᠯ ᠰᠦᠯᠵᠢᠶ᠎ᠡ
· ᠳᠠᠯᠠᠨᠲᠠᠢ᠄ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ ᠦᠢᠯᠡᠳᠪᠦᠷᠢᠯᠡᠯ ᠤᠨ ᠬᠣᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ
ᠪᠦᠭᠦ ᠣᠷᠣᠨ ᠤ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠨᠠᠶᠢᠳᠠᠪᠤᠷᠢᠵᠢᠭᠤᠯᠬᠤ ᠵᠢᠨ ᠲᠥᠯᠥᠭᠡ᠂ 2026 2 ᠰᠠᠷ᠎ᠠ ᠵᠢᠨ 9 ᠤ ᠡᠳᠦᠷ᠂ ᠬᠤᠳᠠ ᠵᠢᠨ ᠨᠠᠮ ᠤᠨ ᠬᠣᠷᠢᠶ᠎ᠠ ᠵᠢᠨ ᠳᠡᠳ᠋ ᠱᠦᠵᠢ᠂ ᠬᠤᠳᠠ ᠵᠢᠨ ᠳᠠᠷᠤᠭ᠎ᠠ ·ᠳᠠᠯᠠᠨᠲᠠᠢ ᠨᠢᠭᠡ ᠡᠳᠦᠷ ᠤᠨ ᠴᠠᠭ ᠢ ᠠᠰᠢᠭᠯᠠᠵᠤ᠂ ᠬᠦᠷᠢᠶ᠎ᠡ ᠬᠡᠪᠴᠢᠶ᠎ᠡ ᠪᠠ ᠠᠵᠢᠯ ᠲᠦᠷᠦᠯ ᠬᠤᠪᠢᠶᠠᠨ ᠨᠡᠭᠡᠭᠡᠯᠲᠡ ᠵᠢᠨ ᠲᠣᠭᠣᠷᠢᠭ᠂ ᠬᠣᠷᠴᠢᠨ ᠲᠣᠭᠣᠷᠢᠭ ᠲᠤ ᠪᠠᠷᠢᠯᠭ᠎ᠠ ᠵᠢᠨ ᠠᠵᠢᠯ᠂ ᠰᠢᠲᠠᠮᠠᠬᠠᠢ ᠬᠡᠢ ᠵᠢᠨ ᠠᠵᠢᠯ ᠲᠦᠷᠦᠯ ᠤᠨ ᠬᠦᠷᠢᠶᠡᠨ ᠤ ᠦᠢᠯᠡᠳᠪᠦᠷᠢᠯᠡᠯ ᠤᠨ ᠪᠠᠶᠢᠳᠠᠯ ᠢ ᠵᠠᠳᠠᠯᠬᠤ ᠬᠤᠷᠠᠯ ᠳᠤ ᠣᠷᠣᠯᠴᠠᠬᠰᠠᠨ ᠪᠥᠭᠡᠳ ᠠᠵᠤ ᠠᠬᠤᠶᠢᠯᠠᠯ ᠤᠨ ᠦᠢᠯᠡᠳᠪᠦᠷᠢᠯᠡᠯ ᠤᠨ ᠠᠵᠢᠯ ᠢ ᠪᠣᠳᠠᠲᠠᠢ ᠭᠠᠵᠠᠷ ᠲᠤᠨᠢ ᠬᠢᠨᠠᠨ ᠵᠢᠯᠤᠭᠣᠳᠴᠤ᠂ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠢᠯᠡᠳᠪᠦᠷᠢᠯᠡᠯ ᠤᠨ ᠬᠣᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠳᠡᠭᠡᠷ᠎ᠡ᠂ ᠲᠦᠷᠦ ᠵᠢᠨ ᠶᠠᠪᠤᠳᠠᠯ ᠤᠨ ᠬᠣᠷᠢᠶ᠎ᠠ ᠵᠢᠨ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠪᠦᠭᠦ ᠣᠷᠣᠨ ᠤ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠬᠦᠷᠢᠶ᠎ᠡ ᠴᠠᠷᠠᠭ᠎ᠠ ᠬᠤᠪᠢᠶᠠᠨ ᠠᠮᠤᠷ ᠲᠦᠪᠰᠢᠨ ᠤ ᠰᠡᠷᠡᠮᠵᠢᠯᠡᠭᠦᠯᠭᠦ ᠬᠥᠮᠦᠵᠢᠯ ᠤᠨ ᠤᠬᠠᠭᠤᠯᠭ᠎ᠠ ᠵᠢᠨ ᠹᠢᠯᠢᠮ ᠢ ᠦᠵᠡᠵᠦ᠂ ᠪᠦᠭᠦ ᠬᠣᠲᠠ ᠵᠢᠴᠢ ᠬᠣᠷᠴᠢᠨ ᠲᠣᠭᠣᠷᠢᠭ᠂ ᠨᠡᠭᠡᠭᠡᠯᠲᠡ ᠵᠢᠨ ᠲᠣᠭᠣᠷᠢᠭ ᠤᠨ ᠪᠠᠷᠢᠯᠭ᠎ᠠ ᠵᠢᠨ ᠠᠵᠢᠯ᠂ ᠰᠢᠲᠠᠮᠠᠬᠠᠢ ᠬᠡᠢ ᠵᠢᠨ ᠠᠵᠢᠯ ᠲᠥᠷᠥᠯ ᠤᠨ ᠬᠦᠷᠢᠶᠡᠨ ᠳᠠᠬᠢ ᠦᠢᠯᠡᠳᠪᠦᠷᠢᠯᠡᠯ ᠤᠨ ᠪᠠᠶᠢᠳᠠᠯ ᠢ ᠵᠠᠷᠯᠠᠨ ᠵᠠᠳᠠᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠠᠷᠢᠭᠤᠴᠠᠯᠭ᠎ᠠ ᠵᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠵᠢ ᠰᠣᠨᠣᠰᠪᠠ᠃
ᠴᠢ᠊·ᠳᠠᠯᠠᠨᠲᠠᠢ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠡᠯ᠎ᠡ ᠠᠵᠤ ᠠᠬᠤᠶᠢᠯᠠᠯ ᠤᠨ ᠬᠢᠨ ᠦᠢᠯᠡᠳᠪᠦᠷᠢᠯᠡᠯ ᠤᠨ ᠲᠤᠶᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠴᠠᠭ ᠢᠮᠠᠭᠲᠠ ᠬᠥᠭᠵᠢᠯᠲᠡ ᠵᠢᠨ ᠬᠥᠪᠴᠢ ᠵᠢ ᠴᠢᠩᠭᠠᠷᠠᠭᠤᠯᠵᠤ᠂ ᠰᠡᠷᠡᠮᠵᠢ ᠵᠢᠨ ᠬᠤᠩᠬᠤ ᠵᠢ ᠪᠠᠶᠢᠩᠭᠤ ᠳᠤᠤᠭᠠᠷᠭᠠᠵᠤ᠂ ᠴᠥᠬᠥᠷᠡᠰᠢ ᠦᠭᠡᠢ ᠴᠢᠩᠭ᠎ᠠ ᠠᠳᠬᠤᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠬᠠᠷᠠᠬᠤ ᠪᠤᠳᠤᠯ ᠵᠢᠠᠨ ᠡᠷᠡᠰ ᠲᠠᠶᠠᠭᠳᠠᠵᠤ᠂ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠪᠣᠳᠠᠲᠠᠢ ᠠᠰᠠᠭᠤᠳᠠᠯ ᠢ ᠴᠢᠩᠭ᠎ᠠ ᠠᠩᠬᠠᠷᠴᠤ᠂ ᠳᠣᠲᠣᠷ᠎ᠠ ᠪᠠᠨ ᠲᠣᠭ᠎ᠠ ᠲᠠᠢ᠂ ᠭᠠᠷ ᠲᠠᠭᠠᠨ ᠠᠷᠭ᠎ᠠ ᠲᠠᠢ ᠪᠠᠶᠢᠬᠤ ᠵᠢ ᠦᠨᠡᠨ ᠬᠦ ᠪᠡᠶᠡᠯᠡᠭᠦᠯᠵᠦ᠂ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠵᠢ ᠡᠭᠦᠳᠴᠦ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ᠂ ᠠᠵᠢᠯ ᠤᠨ ᠨᠠᠶᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠬᠡᠷᠡᠭᠲᠡᠢ᠃ ᠠᠵᠤ ᠠᠬᠤᠶᠢᠯᠠᠯ ᠤᠳ ᠭᠣᠣᠯ ᠴᠣᠭᠴᠠ ᠵᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠠᠶᠤᠯ ᠲᠦᠭᠰᠢᠭᠦᠷᠢ ᠵᠢᠨ ᠭᠡᠮ ᠰᠣᠭᠣᠭ ᠢ ᠪᠠᠶᠢᠴᠠᠭᠠᠬᠤ ᠡᠷᠴᠢᠮ ᠵᠢᠡᠨ ᠪᠠᠶᠢᠩᠭᠤ ᠤᠷᠳᠤ ᠬᠤᠭᠤᠴᠠᠭ᠎ᠠ ᠪᠠᠷ ᠴᠢᠩᠭᠠᠷᠠᠭᠤᠯᠵᠤ᠂ ᠲᠡᠰ ᠬᠤᠪᠢᠶᠠᠨ ᠲᠦᠷᠦᠯ ᠬᠤᠪᠢᠶᠠᠨ ᠴᠡᠭᠴᠡᠯᠡᠨ ᠰᠠᠶᠢᠵᠢᠷᠠᠭᠤᠯᠬᠤ ᠵᠢ ᠰᠠᠶᠢᠲᠤᠷ ᠠᠳᠬᠤᠵᠤ᠂ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ ᠵᠢ ᠡᠷᠡᠰ ᠬᠣᠷᠢᠭᠯᠠᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ 《ᠴᠠᠭ ᠢᠮᠠᠭᠲᠠ ᠰᠠᠨᠠᠭ᠎ᠠ ᠠᠮᠤᠷ ᠦᠭᠡᠢ》ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠵᠢᠨ ᠠᠷᠭ᠎ᠠ ᠬᠡᠮᠵᠢᠶ᠎ᠡ ᠵᠢ ᠴᠢᠩᠭ᠎ᠠ ᠪᠣᠳᠠᠲᠠᠢ ᠨᠠᠷᠢᠨ ᠨᠠᠶᠢᠳᠠᠪᠤᠷᠢᠵᠢᠭᠤᠯᠵᠤ᠂《ᠠᠷᠪᠠᠨ ᠲᠠᠪᠤᠳᠤᠭᠠᠷ ᠲᠠᠪᠤᠨ ᠵᠢᠯ》 ᠲᠥᠯᠦᠪᠵᠢᠭᠦᠯᠭᠡ ᠵᠢᠨ ᠰᠠᠶᠢᠨ ᠰᠠᠶᠢᠬᠠᠨ ᠡᠭᠢᠯᠡᠯᠲᠡ ᠵᠢ ᠪᠡᠶᠡᠯᠡᠭᠦᠯᠬᠦ ᠳᠤ ᠠᠮᠤᠷ ᠲᠦᠪᠰᠢᠨ ᠲᠣᠭᠲᠠᠭᠤᠨ ᠬᠥᠭᠵᠢᠯᠲᠡ ᠵᠢᠨ ᠣᠷᠴᠢᠨ ᠨᠥᠬᠥᠴᠡᠯ ᠢ ᠪᠤᠢ ᠪᠤᠯᠭᠠᠵᠤ ᠥᠭᠬᠦ ᠬᠡᠷᠡᠭᠲᠡᠢ ᠭᠡᠪᠡ᠃
ᠬᠤᠷᠠᠯ ᠠᠴᠠ ᠳ᠋ᠦᠩᠨᠡᠭᠰᠡᠨ ᠨᠡᠶᠢᠲᠡᠴᠢ ᠴᠢᠨᠠᠷᠲᠠᠢ ᠠᠰᠠᠭᠤᠳᠠᠯ ᠪᠣᠯᠣᠨ ᠶᠠᠷᠢᠯᠴᠠᠬᠤ ᠳᠤᠮᠳᠠ ᠢᠯᠡᠷᠡᠭᠦᠯᠦᠭᠰᠡᠨ ᠥᠪᠡᠷᠮᠢᠴᠡ ᠴᠢᠨᠠᠷᠲᠠᠢ ᠠᠰᠠᠭᠤᠳᠠᠯ ᠵᠢᠴᠢ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠭᠡᠮ ᠳᠤ ᠴᠢᠭᠯᠡᠭᠦᠯᠦᠨ᠂ ᠴᠢ᠊·ᠳᠠᠯᠠᠨᠲᠠᠢ ᠵᠢᠨ ᠳ᠋ᠦ᠋ ᠲᠠᠢ ᠴᠧᠩ᠂ ᠤᠯᠤᠰ ᠤᠨ ᠴᠠᠭᠢᠯᠭᠠᠨ ᠲᠣᠣᠷ ᠤᠨ ᠥᠪᠥᠷ ᠮᠣᠩᠭᠣᠯ ᠤᠨ ᠵᠡᠭᠦᠨ ᠬᠡᠰᠡᠭ ᠤᠨ ᠴᠠᠭᠢᠯᠭᠠᠨ ᠬᠦᠴᠦᠨ ᠤ ᠦᠢᠯᠡᠳᠪᠦᠷᠢᠯᠡᠯ ᠤᠨ ᠳᠠᠳᠤᠯᠭ᠎ᠠ ᠪᠣᠯᠪᠠᠰᠤᠷᠠᠯ ᠤᠨ ᠶᠡᠷᠦᠩᠬᠡᠶᠢᠯᠡᠭᠰᠡᠨ ᠬᠡᠷᠡᠭᠯᠡᠭᠡᠨ ᠤ ᠭᠡᠷ ᠪᠠᠶᠢᠰᠢᠩ᠂ ᠵᠢᠨ ᠵᠦ ᠴᠢᠯᠠᠭᠤᠨ ᠳᠤᠰᠤᠨ ᠤ ᠦᠢᠯᠡᠳᠬᠦᠨ ᠤ ᠬᠢᠵᠠᠭᠠᠷᠲᠤ ᠺᠤᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠠᠮᠢᠶᠠᠷᠤᠯᠲᠠ ᠵᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠭᠡᠮ ᠰᠣᠭᠣᠭ ᠢ ᠵᠢᠭᠰᠠᠭᠠᠨ ᠪᠠᠶᠢᠴᠠᠭᠠᠬᠤ ᠡᠬᠡ ᠲᠠᠨᠭ᠍ᠰᠠ ᠪᠠᠶᠢᠭᠤᠯᠤᠭᠰᠠᠨ᠂ ᠲᠤᠬᠠᠢ ᠵᠢᠨ ᠲᠠᠯᠠᠪᠠᠢ ᠵᠢᠨ ᠠᠮᠤᠷ ᠲᠦᠪᠰᠢᠨ ᠤ ᠬᠠᠮᠠᠭᠠᠯᠠᠯᠲᠠ ᠵᠢᠨ ᠠᠷᠭ᠎ᠠ ᠬᠡᠮᠵᠢᠶ᠎ᠡ ᠵᠢ ᠲᠣᠬᠢᠷᠠᠭᠤᠯᠤᠭᠰᠠᠨ ᠵᠡᠷᠭᠡ ᠪᠠᠶᠢᠳᠠᠯ ᠢ ᠲᠤᠬᠠᠢ ᠵᠢᠨ ᠭᠠᠵᠠᠷ ᠲᠤᠨᠢ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠲᠤᠬᠠᠢ ᠵᠢᠨ ᠭᠠᠵᠠᠷ ᠲᠤᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠡᠷᠡᠰ ᠴᠢᠩᠭ᠎ᠠ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠬᠣᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠳᠡᠳ᠋ ᠬᠤᠳᠠ ᠵᠢᠨ ᠳᠠᠷᠤᠭ᠎ᠠ ᠶᠠᠩ ᠬᠤᠸᠠᠨ ᡁᠢ᠂ ᠬᠤᠳᠠ ᠵᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠬᠣᠷᠴᠢᠨ ᠲᠣᠭᠣᠷᠢᠭ᠂ ᠨᠡᠭᠡᠭᠡᠯᠲᠡ ᠵᠢᠨ ᠲᠣᠭᠣᠷᠢᠭ ᠤᠨ ᠬᠠᠷᠢᠭᠤᠴᠠᠯᠭᠠᠲᠠᠨ ᠨᠥᠬᠥᠳ ᠵᠢᠴᠢ ᠪᠠᠷᠢᠯᠭ᠎ᠠ ᠵᠢᠨ ᠠᠵᠢᠯ᠂ ᠰᠢᠲᠠᠮᠠᠬᠠᠢ ᠬᠡᠢ ᠵᠢᠨ ᠠᠵᠢᠯ ᠲᠦᠷᠦᠯ ᠤᠨ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃