ᠵᠤᠬᠢᠶᠠᠭᠴᠢ:
ᠴᠠᠭ:2022-03-04
ᠥᠵᠡᠭᠰᠡᠨ : ℃
ᠢᠷᠡᠯᠲᠡ: 《 ᠬᠢᠩᠭᠠᠨ ᠤ ᠡᠳᠦᠷ ᠤᠨ ᠰᠣᠨᠢᠨ 》
ᠪᠦᠬᠦ ᠠᠶᠢᠮᠠᠭ ᠤᠨ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
2022 3 ᠰᠠᠷ᠎ᠠ ᠶᠢᠨ 1 ᠤ ᠡᠳᠦᠷ᠂ ᠪᠥᠬᠦ ᠠᠶᠢᠮᠠᠭ ᠤᠨ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠨᠠᠷ ᠤᠨ ᠬᠤᠷᠠᠯ ᠢ ᠲᠧᠯᠸᠢᠰ ᠤᠳᠠᠰᠤᠳᠤ ᠬᠡᠯᠪᠡᠷᠢ ᠪᠠᠷ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠨᠠᠷ ᠤᠨ ᠬᠤᠷᠠᠯ ᠪᠣᠯᠤᠨ ᠠᠶᠢᠮᠠᠭ ᠤᠨ ᠨᠠᠮ ᠤᠨ ᠬᠤᠷᠢᠶ᠎ᠠ ︵ ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ 2021 ᠣᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ᠂ 2022 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃
ᠬᠤᠷᠠᠯ ᠠᠴᠠ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠠᠵᠢᠯ ᠳᠤ ᠴᠣᠬᠤᠯᠠᠪᠤᠷᠢ ᠥᠭᠴᠦ᠂ ᠥᠩᠭᠡᠷᠡᠭᠰᠡᠨ ᠨᠢᠭᠡ ᠵᠢᠯ ᠤᠨ ᠵᠣᠬᠢᠶᠠᠨ ᠪᠠᠶᠢᠭᠤᠯᠬᠤ ᠠᠵᠢᠯ ᠢ ᠭᠦᠢᠴᠡᠳ ᠨᠤᠲᠠᠯᠠᠵᠤ᠂ ᠡᠨᠡ ᠵᠢᠯ ᠤᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠠᠮᠵᠢᠯᠲᠠ ᠪᠠᠨ ᠪᠠᠲᠤᠳᠬᠠᠵᠤ᠂ ᠴᠢᠷᠮᠠᠶᠢᠭᠰᠠᠨ ᠲᠡᠭᠡᠷ᠎ᠡ ᠨᠢ ᠴᠢᠷᠮᠠᠶᠢᠵᠦ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ 《ᠬᠤᠷᠢᠳᠤᠭᠠᠷ ᠶᠡᠭᠡ ᠬᠤᠷᠠᠯ ᠢ ᠤᠭᠲᠤᠵᠤ᠂ ᠲᠡᠷᠢᠭᠦᠨ ᠤ ᠪᠤᠯᠬᠤ ᠪᠠᠷ ᠪᠦᠬᠦ ᠲᠠᠯ᠎ᠠ ᠪᠠᠷ ᠲᠡᠮᠡᠴᠡᠬᠦ》 ᠪᠠᠷ ᠭᠤᠣᠯ ᠰᠡᠳᠦᠪ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳ᠋ᠦᠩ ᠰᠢᠨ ᠶᠤᠸᠠᠢ᠂ 2021 ᠣᠨ ᠳᠤ ᠪᠦᠬᠦ ᠠᠶᠢᠮᠠᠭ ᠤᠨ ᠡᠯ᠎ᠡ ᠱᠠᠲᠤᠨ ᠤ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠂ 《ᠭᠤᠷᠪᠠᠨ ᠵᠢᠯ ᠳᠤ ᠰᠠᠭᠤᠷᠢ ᠲᠠᠯᠪᠢᠵᠤ ᠂ ᠲᠠᠪᠤᠨ ᠵᠢᠯ ᠳᠤ ᠲᠡᠷᠢᠭᠦᠨ ᠤ ᠪᠤᠯᠬᠤ ᠪᠠᠷ ᠴᠢᠷᠮᠠᠶᠢᠬᠤ》 ᠠᠵᠢᠯ ᠤᠨ ᠬᠠᠷᠠᠯᠲᠠ ᠶᠢᠨ ᠲᠣᠭᠤᠷᠢᠨ ᠳᠤ᠂ 《 ᠵᠣᠬᠢᠶᠠᠨ ᠪᠠᠶᠢᠭᠤᠯᠬᠤ ᠠᠵᠢᠯ ᠢ ᠳᠡᠭᠡᠭᠰᠢᠯᠡᠭᠦᠯᠬᠦ ᠣᠨ》 ᠢᠶᠠᠷ ᠬᠥᠲᠥᠯᠦᠮᠵᠢ ᠪᠣᠯᠭᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠵᠦ᠂ ᠰᠢᠨ᠎ᠡ ᠦᠷ᠎ᠡ ᠪᠦᠲᠦᠮᠵᠢ ᠣᠯᠵᠠᠢ ᠭᠡᠵᠦ ᠵᠢᠭᠠᠵᠦ ᠭᠠᠷᠭᠠᠪᠠ᠃
ᠳ᠋ᠦᠩ ᠰᠢᠨ ᠶᠤᠸᠠᠢ ᠴᠢᠬᠤᠯᠠᠴᠢᠯᠠᠭᠰᠠᠨ ᠨᠢ᠂ 2022 ᠣᠨ ᠤ ᠪᠦᠬᠦ ᠠᠶᠢᠮᠠᠭ ᠤᠨ ᠵᠣᠬᠢᠶᠠᠨ ᠪᠠᠶᠢᠭᠤᠯᠬᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠶᠢᠨ ᠲᠣᠭᠤᠷᠢᠨ ᠳᠤ 《ᠬᠤᠷᠢᠳᠤᠭᠠᠷ ᠶᠡᠭᠡ ᠬᠤᠷᠠᠯ ᠢ ᠤᠭᠲᠤᠵᠤ᠂ ᠲᠡᠷᠢᠭᠦᠨ ᠤ ᠪᠤᠯᠬᠤ ᠪᠠᠷ ᠪᠦᠬᠦ ᠲᠠᠯ᠎ᠠ ᠪᠠᠷ 》 ᠪᠠᠷ ᠭᠤᠣᠯ ᠰᠡᠳᠦᠪ ᠪᠣᠯᠭᠠᠵᠤ ᠂ 《ᠲᠠᠪᠤᠨ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ》 ᠪᠠ 《ᠳᠣᠯᠣᠭᠠᠨ ᠡᠷᠡᠰ ᠭᠤᠶᠢᠪᠢᠰᠢ ᠦᠭᠡᠶ》 《ᠭᠤᠷᠪᠠ ᠶᠢ ᠲᠣᠭᠲᠠᠭᠤᠨ ᠪᠠᠶᠢᠯᠭᠠᠵᠤ ᠲᠠᠪᠤ ᠶᠢ ᠠᠬᠢᠭᠤᠯᠬᠤ》 ᠡᠭᠦᠷᠭᠡ ᠶᠢᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠺᠠᠳ᠋ᠷ ᠲᠣᠮᠢᠯᠠᠬᠤ 《ᠳᠥᠷᠪᠡᠨ ᠰᠢᠯᠢᠳᠡᠭ ᠬᠤᠶᠠᠷ ᠢ ᠳᠡᠭᠡᠭᠰᠢᠯᠡᠭᠦᠯᠬᠦ》 ᠢᠨᠵᠧᠨᠧᠷᠢᠩ᠂ 《ᠲᠠᠪᠤ ᠶᠢ ᠠᠳᠬᠤᠵᠤ ᠭᠤᠷᠪᠠ ᠶᠢ ᠠᠬᠢᠭᠤᠯᠵᠤ ᠬᠤᠶᠠᠷ ᠢ ᠳᠡᠭᠡᠭᠰᠢᠯᠡᠭᠦᠯᠬᠦ》 ᠰᠠᠭᠤᠷᠢ ᠶᠢ ᠪᠠᠲᠤᠳᠬᠠᠵᠦ ᠰᠠᠭᠤᠷᠢ ᠶᠢ ᠪᠠᠬᠢᠵᠢᠭᠦᠯᠬᠦ ᠠᠵᠢᠯᠯᠠᠭ᠎ᠠ᠂ ᠴᠢᠳᠠᠪᠤᠷᠢᠲᠠᠨ ᠬᠥᠮᠦᠵᠢᠭᠦᠯᠬᠦ ᠳᠥᠷᠪᠡᠨ ᠵᠦᠢᠯ ᠤᠨ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠵᠤ᠂ ᠤᠳᠤᠷᠢᠳᠬᠤ ᠪᠠᠭ᠂ ᠺᠠᠳ᠋ᠷ ᠤᠨ ᠡᠩᠨᠡᠭᠡ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠣᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠢᠯᠠᠰ ᠴᠡᠭ ᠢ ᠡᠭᠦᠳᠴᠦ᠂ ᠲᠡᠷᠢᠭᠦᠨ ᠤ ᠪᠤᠯᠬᠤ ᠪᠠᠷ ᠴᠢᠷᠮᠠᠶᠢᠵᠤ᠂ ᠵᠣᠬᠢᠶᠠᠨ ᠪᠠᠶᠢᠭᠤᠯᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠰᠢᠯᠢᠳᠡᠭ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃