ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ᠬᠢᠩᠭᠠᠨ
ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠵᠠᠢ
2025 ᠣᠨ ᠤ 2 ᠳ᠋ᠤᠭᠠᠷ ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠬᠦᠭᠵᠢᠯᠳᠡ ᠶᠢᠨ ᠣᠨᠣᠯᠵᠢᠬᠤᠨ ᠢ ᠪᠦᠷᠢᠨ ᠪᠦᠲᠦᠨ ᠤᠨᠤᠴᠠᠳᠠᠢ ᠪᠦᠬᠦ ᠲᠠᠯ᠎ᠠ ᠪᠠᠷ ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠢ ᠢᠳᠡᠪᠬᠢᠳᠡᠢ ᠠᠭᠤᠰᠤᠯᠴᠠᠭᠤᠯᠵᠦ᠂ ᠨᠢᠭᠡᠳᠦᠭᠡᠷ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠭᠤᠷᠪᠠᠳᠤᠭᠠᠷ ᠠᠵᠦ ᠦᠢᠯᠡᠰ ᠢ ᠰᠢᠯᠢᠳᠡᠭᠵᠢᠬᠦᠯᠬᠦ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠵᠢᠶᠦ᠋ᠨ ᠯᠢᠶᠠᠨ ᠰᠢᠶᠠᠨ ᠳᠤ ᠠᠭᠤᠯᠠ ᠶᠡᠭᠦᠷᠡᠭᠰᠡᠨ ᠲᠤᠬᠠᠢ ᠦᠭᠬᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠷᠢᠭ᠎ᠠ ᠱᠤᠭᠤᠮ ᠤᠨ ᠰᠡᠳᠭᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠡᠯ᠎ᠡ ᠲᠦᠷᠦᠯ ᠤᠨ ᠭᠠᠢ ᠭᠠᠮᠰᠢᠭ ᠪᠠ ᠦᠢᠯᠡᠳᠪᠦᠷᠢᠯᠡᠯ ᠤᠨ ᠭᠡᠮ ᠰᠤᠭᠤᠭ ᠢ ᠲᠠᠷᠠᠭᠠᠯᠠᠨ ᠪᠠᠶᠢᠴᠠᠭᠠᠬᠤ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠬᠤ ᠬᠠᠮᠳᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠤᠷᠢᠯᠳᠠ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠡᠢ᠃ ᠬᠤᠷᠠᠯ ᠠᠴᠠ 1 ᠰᠠᠷ᠎ᠠ ᠶᠢᠨ 20 ᠤ ᠡᠳᠦᠷ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠂ ᠠᠵᠤ ᠠᠬᠤᠶ ᠶᠢ ᠬᠦᠭᠵᠢᠬᠦᠯᠬᠦ᠂ ᠬᠦᠭᠵᠢᠯᠳᠡ ᠶᠢ ᠠᠳᠬᠤᠬᠤ ᠬᠠᠷᠢᠭᠤᠴᠠᠯᠭᠠᠳᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ᠂ ᠳᠠᠶᠢᠴᠢᠯᠠᠬᠤ ᠴᠢᠨᠠᠷ ᠢᠶᠠᠷ ᠴᠢᠩᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠬᠡᠷᠡᠭᠵᠢᠭᠦᠯᠬᠦ ᠶᠢ ᠲᠦᠷᠭᠡᠳᠭᠡᠨ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ᠃
ᠬᠤᠷᠠᠯ ᠠᠴᠠ 2 ᠰᠠᠷ᠎ᠠ ᠶᠢᠨ 10 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠷᠡᠭᠯᠡᠭᠡ ᠶᠢ ᠳᠡᠭᠡᠭᠰᠢᠯᠡᠭᠦᠯᠬᠦ ᠶᠠᠪᠤᠳᠠᠯ ᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠬᠡᠷᠡᠭᠯᠡᠭᠡᠨ ᠤ ᠠᠬᠤᠶ ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠵᠤ᠂ ᠬᠡᠷᠡᠭᠯᠡᠭᠡ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠨ ᠲᠡᠭᠡᠭᠰᠢᠯᠡᠬᠦᠯᠬᠦ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ《ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ》 ᠢ ᠰᠤᠳᠤᠯᠤᠨ ᠬᠢᠨᠠᠨ ᠵᠥᠪᠯᠡᠵᠦ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠢᠩᠭᠠᠨ ᠠᠶᠢᠮᠠᠭ ᠤᠨ ᠰᠠᠯᠬᠢ ᠪᠠ ᠭᠡᠷᠡᠯ ᠴᠡᠨᠡᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃