ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ:
ᠤᠯᠠᠭᠠᠨᠬᠤᠲᠠ ᠬᠡᠤᠬᠡᠳ ᠪᠠᠭᠠᠴᠤᠳ ᠢ ᠬᠠᠮᠠᠭᠠᠯᠠᠬᠤ ᠲᠤᠰᠬᠠᠶ ᠰᠡᠳᠦᠪᠲᠦ ᠲᠠᠶᠢᠯᠤᠮᠵᠢ ᠬᠢᠵᠦ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ᠎ᠠ
2025 3 ᠰᠠᠷ᠎ᠠ ᠶᠢᠨ 14 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ 《ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ》 ᠠᠯᠪᠠᠨ ᠬᠡᠷ᠂ ᠬᠤᠲᠠ ᠶᠢᠨ ᠵᠠᠯᠠᠭᠤᠴᠤᠳ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ᠂ ᠬᠢᠩᠭᠠᠨ ᠠᠶᠢᠮᠠᠭ ᠤᠨ ᠰᠢᠨᠬᠤᠸᠠ ᠨᠣᠮ ᠤᠨ ᠳᠡᠯᠭᠡᠭᠦᠷ ᠲᠠᠢ ᠬᠠᠮᠲᠤᠷᠠᠨ᠂ ᠤᠯᠠᠭᠠᠨᠬᠤᠲᠠ ᠶᠢᠨ ᠱᠧᠩᠯᠢ ᠨᠢᠭᠡᠳᠦᠭᠡᠷ ᠪᠠᠭ᠎ᠠ ᠰᠤᠷᠭᠠᠭᠤᠯᠢ ᠳᠤ ᠬᠦᠷᠴᠦ ᠬᠡᠤᠬᠡᠳ ᠪᠠᠭᠠᠴᠤᠳ ᠢ ᠬᠠᠮᠠᠭᠠᠯᠠᠬᠤ ᠲᠤᠰᠬᠠᠶ ᠰᠡᠳᠦᠪᠲᠦ ᠲᠠᠶᠢᠯᠤᠮᠵᠢ ᠬᠢᠵᠦ᠂ ᠰᠤᠷᠤᠭᠴᠢᠳ ᠲᠤ ᠮᠡᠳᠡᠯᠭᠡ ᠤᠯᠠᠮᠵᠢᠯᠠᠵᠤ᠂ ᠰᠤᠷᠭᠠᠭᠤᠯᠢ ᠶᠢᠨ ᠬᠦᠷᠢᠶᠡᠨ ᠤ ᠴᠡᠪᠡᠷ ᠰᠠᠶᠢᠬᠠᠨ ᠰᠣᠶᠣᠯ ᠤᠨ ᠣᠷᠴᠢᠨ ᠃
ᠠᠵᠢᠯᠯᠠᠭ᠎ᠠ ᠶᠢᠨ ᠂ ᠬᠤᠲᠠ ᠶᠢᠨ ᠵᠠᠯᠠᠭᠤᠴᠤᠳ ᠤᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠤᠨ ᠯᠧᠺᠲ᠋ᠣᠷ ᠠᠮᠢᠳᠤᠯᠢᠭ ᠪᠥᠭᠡᠳ ᠰᠣᠨᠢᠷᠬᠠᠯᠲᠠᠶ ᠬᠡᠷᠡᠭ ᠤᠨ ᠵᠢᠱᠢᠶ᠎ᠡ ᠶᠢᠨ ᠲᠠᠶᠢᠯᠤᠮᠵᠢ ᠪᠠ ᠬᠠᠷᠢᠯᠴᠠᠨ ᠠᠰᠠᠭᠤᠬᠤ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠲᠤ 《ᠵᠠᠯᠠᠭᠤ ᠨᠠᠰᠤ ᠪᠠᠨ ᠨᠠᠨᠳᠢᠩᠨᠠᠵᠤ᠂ ᠥᠪᠡᠷ ᠢ ᠪᠠᠨ ᠬᠠᠮᠠᠭᠠᠯᠠᠬᠤ》 ᠲᠤᠰᠬᠠᠶ ᠮᠡᠷᠭᠡᠵᠢᠯ ᠤᠨ ᠮᠡᠳᠡᠯᠭᠡ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠰᠤᠷᠤᠭᠴᠢᠳ ᠤᠨ ᠲᠣᠰ ᠪᠡᠶ᠎ᠡ ᠶᠢᠨ ᠦᠰᠦᠨ ᠪᠤᠶᠢᠵᠢᠬᠤ ᠬᠤᠪᠢᠷᠠᠯᠲᠠ ᠶᠢᠨ ᠲᠤᠬᠠᠶ ᠲᠠᠨᠢᠯᠲᠠ ᠭᠦᠨᠵᠡᠭᠡᠶᠢᠷᠡᠭᠦᠯᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠴᠢᠩᠭᠠᠳᠬᠠᠪᠠ᠃ ᠲᠠᠶᠢᠯᠤᠮᠵᠢ ᠬᠢᠬᠦ ᠳᠤᠮᠳᠠ᠂ ᠯᠧᠺᠲ᠋ᠣᠷ ᠠᠴᠠ ᠰᠤᠷᠤᠭᠴᠢᠳ ᠤᠨ ᠰᠦᠯᠵᠢᠶᠡᠨ ᠳᠡᠭᠡᠷᠡᠬᠢ ᠪᠤᠳᠤᠯᠢᠶᠠᠨᠲᠠᠶ ᠮᠡᠳᠡᠭᠡ ᠵᠠᠩᠭᠢ ᠶᠢ ᠬᠡᠷᠬᠢᠨ ᠢᠯᠭᠠᠨ ᠲᠣᠳᠣᠯᠠᠬᠤ ᠶᠢ ᠬᠥᠲᠥᠯᠦᠨ ᠵᠢᠯᠤᠭᠤᠳᠭᠤ ᠪᠠᠷ ᠳᠠᠮᠵᠢᠭᠤᠯᠤᠨ᠂ ᠰᠤᠷᠤᠭᠴᠢᠳ ᠲᠤ ᠡᠷᠡᠭᠦᠯ ᠪᠤᠰᠤ ᠮᠡᠳᠡᠭᠡ ᠵᠠᠩᠭᠢ ᠶᠢᠨ ᠣᠨᠴᠠᠯᠢᠭ ᠢ ᠢᠯᠭᠠᠨ ᠲᠠᠨᠢᠭᠤᠯᠵᠤ᠂ ᠵᠠᠯᠠᠭᠤᠴᠤᠳ ᠪᠠᠭᠠᠴᠤᠳ ᠤᠨ ᠰᠦᠯᠵᠢᠶᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠦᠯᠵᠢᠶᠡᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃
ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠤᠨ ᠰᠢᠨᠬᠤᠸᠠ ᠨᠣᠮ ᠤᠨ ᠳᠡᠯᠭᠡᠭᠦᠷ ᠤᠨ ᠠᠵᠢᠯᠲᠠᠳ ᠪᠠᠰᠠ ᠰᠤᠷᠤᠭᠴᠢᠳ ᠲᠤ ᠵᠢᠩᠬᠢᠨᠢ ᠬᠡᠪᠯᠡᠯ ᠤᠨ ᠨᠣᠮ ᠪᠢᠴᠢᠭ ᠢ ᠬᠡᠷᠡᠭᠯᠡᠬᠦ ᠣᠶᠢᠯᠠᠭᠠᠭᠳᠠᠬᠤᠨ ᠢ ᠲᠠᠨᠢᠯᠴᠠᠭᠤᠯᠵᠤ᠂ ᠠᠭᠤᠯᠭ᠎ᠠ ᠶᠢᠨ ᠣᠨᠣᠪᠴᠢᠲᠤ ᠴᠢᠨᠠᠷ᠂ ᠬᠡᠪᠯᠡᠯ ᠤᠨ ᠶᠠᠰᠤ ᠴᠢᠨᠠᠷ ᠠᠴᠠ ᠰᠣᠶᠣᠯ ᠤᠨ ᠦᠨ᠎ᠡ ᠥᠷᠲᠡᠭ ᠢ ᠤᠯᠠᠮᠵᠢᠯᠠᠨ ᠵᠠᠯᠭᠠᠮᠵᠢᠯᠠᠬᠤ ᠬᠦᠷᠲᠡᠯ᠎ᠡ᠂ ᠰᠤᠷᠤᠭᠴᠢᠳ ᠲᠤ ᠵᠢᠩᠬᠢᠨᠢ ᠬᠡᠪᠯᠡᠯ ᠤᠨ ᠨᠣᠮ ᠪᠢᠴᠢᠭ ᠤᠨ ᠷᠢᠳᠢ ᠰᠢᠳᠢ ᠶᠢ ᠮᠡᠳᠡᠷᠡᠭᠦᠯᠪᠡ᠃ ᠡᠭᠦᠨ ᠤ ᠬᠠᠮᠲᠤ ᠪᠠᠰᠠ ᠬᠤᠯᠠᠭᠠᠶᠢᠯᠠᠨ ᠬᠡᠪᠯᠡᠭᠰᠡᠨ ᠨᠣᠮ ᠪᠢᠴᠢᠭ ᠤᠨ ᠦᠰᠦᠭ ᠤᠷᠬᠢᠭᠳᠠᠬᠤ ᠦᠵᠡᠭᠳᠡᠯ᠂ ᠴᠠᠭᠠᠰᠤ ᠪᠦᠳᠦᠭᠦᠯᠢᠭ᠂ ᠡᠷᠬᠡ ᠳᠤ ᠬᠠᠯᠳᠠᠭᠰᠠᠨ ᠵᠡᠷᠭᠡ ᠠᠰᠠᠭᠤᠳᠠᠯ ᠢ ᠬᠤᠪᠢᠶᠠᠯᠴᠠᠵᠤ᠂ ᠰᠤᠷᠤᠭᠴᠢᠳ ᠤᠨ ᠠᠰᠠᠭᠤᠯᠲᠠ ᠶᠢ ᠬᠦᠯᠢᠴᠡᠩᠭᠦᠢ ᠪᠠᠷ ᠬᠠᠷᠢᠭᠤᠯᠵᠤ᠂ ᠮᠡᠳᠡᠯᠭᠡ ᠶᠢ ᠬᠦᠨᠳᠦᠳᠬᠡᠬᠦ᠂ ᠵᠢᠩᠬᠢᠨᠢ ᠬᠡᠪᠯᠡᠯ ᠢ ᠳᠡᠮᠵᠢᠬᠦ ᠤᠬᠠᠮᠰᠠᠷ ᠢ ᠪᠦᠬᠦ ᠬᠦᠴᠦᠨ ᠢᠶᠠᠷ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠵᠢᠩᠬᠢᠨᠢ ᠬᠡᠪᠯᠡᠯ ᠤᠨ ᠤᠩᠰᠢᠯᠭ᠎ᠠ ᠶᠢ ᠰᠠᠨᠠᠭᠠᠴᠢᠯᠠᠪᠠ᠃
ᠲᠣᠰ ᠤᠳᠠᠭᠠᠨ ᠤ ᠠᠵᠢᠯᠯᠠᠭ᠎ᠠ ᠳᠤ ᠨᠣᠮ ᠤᠨ ᠱᠣᠰᠢᠭ᠎ᠠ᠂ ᠤᠬᠠᠭᠤᠯᠭ᠎ᠠ ᠶᠢᠨ ᠳᠡᠪᠲᠡᠷ ᠢ ᠨᠡᠶᠢᠲᠡ 200 ᠭᠠᠷᠤᠶ ᠬᠤᠪᠢ ᠲᠠᠷᠬᠠᠭᠠᠪᠠ᠃ ᠡᠳᠡᠭᠡᠷ ᠨᠣᠮ ᠤᠨ ᠱᠣᠰᠢᠭ᠎ᠠ ᠪᠠ ᠤᠬᠠᠭᠤᠯᠭ᠎ᠠ ᠶᠢᠨ ᠳᠡᠪᠲᠡᠷ ᠨᠢ ᠮᠡᠳᠡᠯᠭᠡ ᠶᠢ ᠬᠦᠨᠳᠦᠳᠬᠡᠬᠦ᠂ ᠵᠢᠩᠬᠢᠨᠢ ᠬᠡᠪᠯᠡᠯ ᠢ ᠰᠠᠨᠠᠭᠠᠴᠢᠯᠠᠬᠤ ᠶᠢᠨ ᠤᠳᠬ᠎ᠠ ᠠᠭᠤᠯᠭ᠎ᠠ ᠶᠢ ᠠᠴᠢᠶᠠᠯᠠᠭᠰᠠᠨ ᠢᠶᠠᠷ ᠪᠠᠷᠠᠬᠤ ᠦᠭᠡᠢ᠂ ᠪᠠᠰᠠ ᠢᠳᠡᠪᠬᠢᠲᠡᠢ ᠥᠭᠡᠳᠡᠷᠬᠡᠭ ᠤᠩᠰᠢᠯᠭ᠎ᠠ ᠶᠢᠨ ᠣᠪᠣᠷ ᠳᠠᠮᠵᠢᠭᠤᠯᠵᠤ᠂ ᠰᠤᠷᠤᠭᠴᠢᠳ ᠤᠨ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠵᠤ᠂ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠬᠥᠮᠥᠵᠢᠭᠦᠯᠬᠦ ᠶᠢ ᠵᠣᠷᠢᠭᠵᠢᠭᠤᠯᠤᠭᠰᠠᠨ ᠪᠠᠶᠢᠨ᠎ᠠ᠃
《ᠵᠠᠯᠭᠠᠭᠠᠳ᠂ ᠪᠢᠳᠡ ︿ᠬᠡᠤᠬᠡᠳ ᠪᠠᠭᠠᠴᠤᠳ ᠢ ᠬᠠᠮᠠᠭᠠᠯᠠᠬᠤ﹀ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠣᠶᠣᠯ ᠤᠨ ᠵᠠᠬ᠎ᠠ ᠳᠡᠯᠭᠡᠭᠦᠷ ᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠲᠡᠳᠡᠨ ᠢ ᠡᠷᠡᠭᠦᠯ ᠰᠠᠷᠠᠭᠤᠯ ᠣᠷᠴᠢᠨ ᠲᠣᠭᠤᠷᠢᠨ ᠳᠤ ᠢᠳᠡᠷᠡᠭᠦᠨ ᠢᠶᠠᠷ ᠦᠰᠦᠨ ᠪᠤᠶᠢᠵᠢᠭᠤᠯᠤᠨ᠎ᠠ》 ᠭᠡᠵᠦ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠰᠣᠶᠣᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠸᠠᠩ ᠽᠢ ᠴᠢ ᠢᠯᠡᠷᠬᠡᠶᠢᠯᠡᠵᠡᠢ᠃