ᠵᠤᠬᠢᠶᠠᠭᠴᠢ:
ᠴᠠᠭ:2025-11-28
ᠥᠵᠡᠭᠰᠡᠨ : ℃
ᠢᠷᠡᠯᠲᠡ:
ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠢᠢ ᠰᠤᠷᠤᠯᠴᠠᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠢᠩᠭᠠᠨ ᠠᠶᠢᠮᠠᠭ ᠲᠤ ᠤᠬᠠᠭᠤᠯᠤᠨ ᠲᠠᠶᠢᠯᠪᠤᠷᠢᠯᠠᠪᠠ
2025 11 ᠰᠠᠷ᠎ᠠ ᠢᠢᠨ 18 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠢᠢ ᠰᠤᠷᠤᠯᠴᠠᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠢᠩᠭᠠᠨ ᠠᠶᠢᠮᠠᠭ ᠲᠤ ᠤᠬᠠᠭᠤᠯᠤᠨ ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠷᠠᠳᠢᠣ᠋ ᠲ᠋ᠧᠯᠸᠢᠰ ᠲᠣᠪᠴᠢᠶᠠᠨ ᠤ ᠳᠠᠷᠤᠭ᠎ᠠ ᠵᠠᠩ ᠢ ᠮᠢᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠵᠢᠨ ᠨᠠᠶᠢᠳᠠᠯᠭ᠎ᠠ ᠪᠠᠷ᠂ ᠬᠢᠨᠭᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠢ ᠱᠦᠨ ᠬᠤᠷᠠᠯ ᠢ ᠡᠷᠬᠢᠯᠡᠵᠦ᠂ ᠠᠶᠢᠮᠠᠭ ᠤᠨ ᠤᠳᠤᠷᠢᠳᠤᠯᠭ᠎ᠠ ᠰᠢᠤᠢ ᠵᠦᠸᠧ ᠨᠠᠷ ᠣᠷᠣᠯᠴᠠᠪᠠ᠃
ᠮᠡᠳᠡᠭᠦᠯᠦᠯᠲᠡ ᠢᠢᠨ ᠬᠤᠷᠠᠯ ᠳᠡᠭᠡᠷ᠎ᠡ᠂ ᠵᠠᠩ ᠢ ᠮᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠶᠡᠷᠦᠩᠬᠡᠶ ᠪᠠᠶᠢᠳᠠᠯ ᠤᠨ ᠲᠣᠭᠤᠷᠢᠨ ᠳᠤ᠂ ᠶᠡᠷᠦᠩᠬᠡᠶ ᠱᠦᠵᠢ ᠰᠢ ᠢᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠢᠢ ᠭᠦᠨᠵᠡᠭᠡᠶ ᠰᠤᠷᠤᠯᠴᠠᠨ ᠂ ᠪᠥᠬᠦᠳᠡ ᠬᠤᠷᠠᠯ ᠤᠨ ᠵᠣᠷᠢᠭ ᠰᠠᠨᠠᠭ᠎ᠠ ᠢᠢ ᠭᠦᠨᠵᠡᠭᠡᠶ ᠰᠤᠷᠤᠯᠴᠠᠨ ᠣᠶᠢᠯᠠᠭᠠᠬᠤ ᠪᠠ ᠪᠥᠬᠦᠳᠡ ᠬᠤᠷᠠᠯ ᠤᠨ ᠵᠣᠷᠢᠭ ᠰᠠᠨᠠᠭ᠎ᠠ ᠢᠢ ᠰᠤᠷᠤᠯᠴᠠᠨ ᠢᠢ ᠶᠡᠷᠦᠩᠬᠡᠶ ᠱᠦᠵᠢ ᠰᠢ ᠢᠢᠨ ᠫᠢᠩ ᠤᠨ ᠥᠪᠥᠷ ᠮᠣᠩᠭᠤᠯ ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠢᠢᠨ ᠵᠣᠷᠢᠭ ᠰᠠᠨᠠᠭ᠎ᠠ ᠢᠢ ᠰᠤᠷᠤᠯᠴᠠᠨ ᠪᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠢᠢ ᠪᠢᠴᠢᠭ᠍ᠯᠡᠬᠦ ᠵᠡᠷᠭᠡ ᠠᠭᠤᠯᠭ᠎ᠠ ᠲᠠᠢ ᠤᠶᠠᠯᠳᠤᠭᠤᠯᠤᠨ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠠᠢ᠃
ᠢᠦᠢ ᠵᠢᠢ ᠱᠦᠨ ᠴᠢᠬᠤᠯᠠᠴᠢᠯᠠᠭᠰᠠᠨ ᠨᠢ᠂ ᠪᠦᠬᠦ ᠠᠶᠢᠮᠠᠭ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠦᠪ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠢᠢ ᠰᠤᠷᠤᠯᠴᠠᠨ ᠢᠢ ᠰᠠᠶᠢᠲᠤᠷ ᠠᠳᠬᠤᠵᠤ᠂ ᠤᠭ ᠵᠣᠬᠢᠶᠠᠯ ᠢ ᠲᠡᠷᠡ ᠬᠡᠪ ᠢᠶᠠᠷ ᠨᠢ ᠰᠤᠷᠤᠯᠴᠠᠵᠤ᠂ ᠨᠠᠷᠢᠨ ᠬᠢᠨᠠᠮᠠᠭᠠᠢ᠂ ᠲᠠᠬᠢᠨ ᠳᠠᠪᠲᠠᠨ ᠤᠩᠰᠢᠵᠦ᠂ 《ᠠᠷᠪᠠᠨ ᠲᠠᠪᠤᠳᠤᠭᠠᠷ ᠲᠠᠪᠤᠨ ᠵᠢᠯ》 ᠤᠨ ᠳᠦᠯᠦᠪᠵᠢᠭᠦᠯᠭᠡ ᠵᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭ᠍ᠵᠢᠯᠲᠡ ᠢᠢᠨ ᠵᠢᠯᠣᠭᠤᠳᠬᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ᠂ ᠭᠤᠣᠯ ᠬᠠᠷᠠᠯᠲᠠ᠂ ᠪᠠᠶᠢᠯᠳᠤᠬᠤ ᠪᠤᠳᠤᠯᠭ᠎ᠠ ᠢᠢᠨ ᠡᠭᠦᠷᠭᠡ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ ᠢᠢ ᠣᠨᠣᠴᠠᠲᠠᠢ ᠡᠵᠡᠮᠳᠡᠵᠦ᠂ 《ᠬᠤᠶᠠᠷ ᠢ ᠲᠣᠭᠲᠠᠭᠠᠬᠰᠠᠨ》 ᠢ ᠤᠬᠠᠮᠰᠠᠷ ᠠᠴᠠ ᠪᠠᠨ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠢᠢ ᠪᠡᠶᠡᠯᠡᠭᠦᠯᠬᠦ ᠬᠡᠷᠡᠭ᠍ᠲᠡᠢ᠃ ᠤᠬᠠᠭᠤᠯᠤᠨ ᠲᠠᠶᠢᠯᠪᠤᠷᠢᠯᠠᠬᠤ ᠢᠢ ᠥᠷᠭᠡᠨ ᠢᠶᠠᠷ ᠥᠷᠨᠢᠭᠦᠯᠵᠦ᠂ ᠵᠥᠪ ᠤᠯᠤᠰ ᠲᠦᠷᠦ ᠢᠢᠨ ᠴᠢᠭ᠍ᠯᠡᠯ ᠢ ᠡᠵᠡᠮᠳᠡᠵᠦ᠂ ᠰᠢᠨ᠎ᠡ ᠰᠣᠷᠭᠤᠭ ᠪᠣᠳᠠᠲᠤ ᠵᠢᠱᠢᠶ᠎ᠡ᠂ ᠣᠶᠢᠯᠠᠭᠠᠮᠵᠢᠲᠠᠢ ᠦᠬᠡ ᠬᠡᠯᠡᠯᠬᠡ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠢᠢ ᠣᠨᠣᠴᠠᠲᠠᠢ ᠶᠠᠷᠢᠵᠤ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠪᠣᠳᠠᠲᠠᠢ ᠭᠦᠨᠵᠡᠭᠡᠶᠢᠷᠡᠬᠦ ᠢᠢ ᠲᠠᠰᠤᠷᠠᠯᠲᠠ ᠦᠭᠡᠢ ᠠᠬᠢᠭᠤᠯᠬᠤ ᠬᠡᠷᠡᠭ᠍ᠲᠡᠢ᠃ ᠠᠵᠢᠯ ᠤᠨ ᠡᠭᠦᠷᠭᠡ ᠢᠢᠨ ᠨᠠᠶᠢᠳᠠᠪᠤᠷᠢᠵᠢᠭᠤᠯᠤᠯᠲᠠ ᠢᠢ ᠴᠢᠩᠭ᠎ᠠ ᠠᠳᠬᠤᠵᠤ᠂ 《ᠬᠤᠶᠠᠷ ᠬᠠᠯᠬᠠᠪᠴᠢ》 《ᠬᠤᠶᠠᠷ ᠰᠠᠭᠤᠷᠢᠨ》 《ᠨᠢᠭᠡ ᠪᠠᠬᠢᠯᠡᠯᠲᠡ》 ᠶᠢ ᠪᠥᠲᠥᠭᠡᠨ ᠪᠠᠶᠢᠭᠤᠯᠬᠤ ᠪᠠ《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠦᠷ᠎ᠡ ᠪᠦᠲᠦᠮᠵᠢ ᠢᠢ ᠴᠢᠬᠤᠯᠠᠴᠢᠯᠠᠵᠤ᠂ ᠰᠤᠷᠲᠠᠯ ᠢᠶᠠᠨ ᠬᠤᠪᠢᠷᠠᠭᠤᠯᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠵᠦ᠂ ᠢᠷᠡᠬᠦ ᠵᠢᠯ ᠤᠨ ᠠᠵᠢᠯ ᠢᠶᠠᠨ ᠨᠠᠷᠢᠨ ᠬᠢᠨᠠᠮᠠᠭᠠᠶ ᠲᠥᠯᠥᠪᠵᠢᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠢᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠢᠢ ᠰᠠᠶᠢᠲᠤᠷ ᠪᠢᠴᠢᠭᠯᠡᠬᠦ ᠬᠡᠷᠡᠭ᠍ᠲᠡᠶ ᠭᠡᠪᠡ᠃
ᠮᠡᠳᠡᠭᠦᠯᠦᠯᠲᠡ ᠵᠢᠨ ᠬᠤᠷᠠᠯ ᠤᠨ ᠳᠠᠷᠠᠭ᠎ᠠ᠂ ᠵᠠᠩ ᠢ ᠮᠢᠨ ᠨᠠᠷ ᠪᠠᠰᠠ ᠵᠠᠯᠠᠶᠢᠳ ᠬᠤᠰᠢᠭᠤᠨ ᠤ ᠬᠦᠷᠡᠯ ᠪᠠᠯᠭᠠᠰᠤᠨ ᠤ ᠨᠤᠮᠤᠷᠢ ᠭᠠᠴᠠᠭ᠎ᠠ ᠳᠤ ᠭᠦᠨᠵᠡᠭᠡᠶᠢᠷᠡᠨ ᠣᠯᠠᠨ ᠲᠦᠮᠡᠨ ᠳ᠋ᠤ ᠤᠬᠠᠭᠤᠯᠭ᠎ᠠ ᠲᠠᠶᠢᠯᠤᠮᠵᠢ ᠬᠢᠵᠡᠶ᠃