ᠵᠤᠬᠢᠶᠠᠭᠴᠢ:
ᠴᠠᠭ:2026-02-27
ᠥᠵᠡᠭᠰᠡᠨ : ℃
ᠢᠷᠡᠯᠲᠡ:
ᠬᠢᠩᠭᠠᠨ ᠠᠢᠮᠠᠭ ᠤᠨ ᠵᠠᠬᠢᠷᠭ᠎ᠠ ᠪᠠᠢᠩᠭᠤ ᠵᠢᠨ ᠬᠤᠷᠠᠯ ᠬᠤᠷᠠᠯᠳᠤᠭᠤᠯᠪᠠ
ᠣᠢᠷ᠎ᠠ ᠳᠤ᠂ ᠬᠢᠩᠭᠠᠨ ᠠᠢᠮᠠᠭ ᠤᠨ ᠨᠠᠮ ᠤᠨ ᠬᠣᠷᠢᠶ᠎ᠠ ᠵᠢᠨ ᠳᠡᠳ᠋ ᠱᠦᠵᠢ᠂ ᠠᠢᠮᠠᠭ ᠤᠨ ᠳᠠᠷᠤᠭ᠎ᠠ ᠢᠦᠶ ᠵᠢᠶ ᠱᠦᠨ ᠠᠢᠮᠠᠭ ᠤᠨ ᠵᠠᠬᠢᠷᠭ᠎ᠠ ᠵᠢᠨ ᠪᠠᠢᠩᠭᠤ ᠵᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠶ ᠱᠦᠵᠢ ᠰᠢ ᠵᠢᠨ ᠫᠢᠩ ᠤᠨ ᠲᠥᠪ ᠬᠣᠷᠢᠶᠠᠨ ᠤ ᠤᠯᠤᠰ ᠲᠥᠷᠥ ᠵᠢᠨ ᠲᠣᠪᠴᠢᠶᠠᠨ ᠤ ᠬᠣᠷᠢᠨ ᠳᠥᠷᠪᠡᠳᠦᠭᠡᠷ ᠤᠳᠠᠭᠠᠨ ᠤ ᠬᠠᠮᠲᠤ ᠵᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠢᠷᠡᠭᠡᠳᠦᠢ ᠵᠢᠨ ᠠᠵᠤ ᠦᠢᠯᠡᠰ ᠢ ᠬᠥᠭᠵᠢᠭᠦᠯᠬᠦ ᠵᠢᠨ ᠴᠢᠬᠤᠯᠠ ᠠᠴᠢ ᠬᠣᠯᠪᠣᠭᠳᠠᠯ ᠢ ᠭᠦᠨᠵᠡᠭᠡᠢ ᠲᠠᠨᠢᠵᠤ᠂ ᠤᠯᠤᠰ ᠤᠨ ᠪᠠᠢᠯᠳᠤᠬᠤ ᠪᠤᠳᠤᠯᠭ᠎ᠠ ᠵᠢᠨ ᠪᠠᠢᠷᠢᠯᠠᠭᠤᠯᠤᠯᠲᠠ ᠪᠣᠯᠤᠨ ᠲᠦᠷᠦ ᠵᠢᠨ ᠪᠤᠳᠤᠯᠭ᠎ᠠ ᠵᠢᠨ ᠤᠳᠤᠷᠢᠳᠤᠮᠵᠢ ᠵᠢ ᠴᠢᠩᠭ᠎ᠠ ᠠᠩᠬᠠᠷᠴᠤ᠂ ᠪᠦᠬᠦ ᠠᠢᠮᠠᠭ ᠤᠨ ᠠᠵᠤ ᠦᠢᠯᠡᠰ ᠰᠠᠭᠤᠷᠢ ᠳᠤ ᠰᠠᠭᠤᠷᠢᠯᠠᠵᠤ᠂ ᠠᠮᠢᠳᠤ ᠪᠣᠳᠠᠰ ᠤᠨ ᠦᠢᠯᠡᠳᠬᠡᠯ᠂ ᠤᠰᠤᠲᠥ᠋ᠷᠥᠭᠴᠢ ᠡᠨᠧᠷᠭᠢ ᠵᠡᠷᠭᠡ ᠬᠦᠷᠢᠶᠡᠨ ᠳᠠᠬᠢ ᠳᠠᠪᠠᠭᠤᠯᠢᠭ ᠵᠢᠠᠨ ᠴᠢᠷᠮᠠᠢᠨ ᠪᠠᠳᠠᠷᠠᠭᠤᠯᠵᠤ᠂ ᠠᠵᠤ ᠦᠢᠯᠡᠰ ᠬᠠᠮᠵᠢᠯᠴᠠᠭ᠎ᠠ ᠵᠢ ᠴᠢᠩᠭᠠᠳᠬᠠᠵᠤ᠂ ᠤᠯᠠᠮᠵᠢᠯᠠᠯᠲᠤ ᠠᠵᠤ ᠦᠢᠯᠡᠰ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠵᠢᠨ ᠠᠵᠤ ᠦᠢᠯᠡᠰ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠬᠤ ᠵᠢ ᠠᠬᠢᠭᠤᠯᠬᠤ ᠬᠡᠷᠡᠭᠲᠡᠢ ᠃ ᠠᠵᠤ ᠠᠬᠤᠢᠯᠠᠯ ᠤᠨ ᠭᠣᠣᠯ ᠴᠣᠭᠴᠠ ᠵᠢᠨ ᠦᠢᠯᠡᠳᠦᠯ ᠢ ᠪᠠᠳᠠᠷᠠᠭᠤᠯᠵᠤ᠂ ᠡᠵᠡᠩᠨᠡᠯᠲᠡ ᠵᠢᠨ ᠣᠷᠴᠢᠨ ᠲᠣᠭᠣᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠥᠬᠥ ᠠᠢᠮᠠᠭ ᠤᠨ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠰᠢᠨ᠎ᠡ ᠮᠡᠳᠡᠯᠭᠡ ᠵᠢ ᠰᠤᠷᠤᠯᠴᠠᠵᠤ᠂ ᠰᠢᠨ᠎ᠡ ᠬᠠᠨᠳᠤᠰᠢ ᠵᠢ ᠡᠵᠡᠮᠳᠡᠨ᠂ ᠰᠢᠨᠵᠢᠯᠡᠬᠦ ᠤᠬᠠᠭᠠᠨ ᠮᠡᠷᠭᠡᠵᠢᠯ ᠢ ᠮᠡᠳᠡᠬᠦ᠂ ᠠᠵᠤ ᠦᠢᠯᠡᠰ ᠢ ᠮᠡᠳᠡᠬᠦ᠂ ᠰᠶᠢ᠍ᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠴᠢᠳᠠᠮᠠᠭᠠᠶ ᠪᠠᠢᠬᠤ ᠵᠢ ᠴᠢᠷᠮᠠᠢᠨ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠸᠠᠩ ᠸᠧᠢ ᠵᠦᠩ ᠱᠦᠵᠢ ᠵᠢᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠶᠡᠬᠡ ᠬᠤᠷᠠᠯ ᠤᠨ ᠲᠠᠪᠤᠳᠤᠭᠠᠷ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠪᠣᠯᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ᠃ ᠤᠯᠤᠰ ᠲᠥᠷᠥ ᠵᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠵᠢᠨ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤᠨ ᠲᠥᠪ ᠬᠣᠷᠢᠶ᠎ᠠ ᠠᠴᠠ ᠥᠪᠥᠷ ᠮᠣᠩᠭᠣᠯ ᠳᠤ ᠳᠠᠭᠠᠭᠠᠯᠭᠠᠭᠰᠠᠨ ᠲᠠᠪᠤᠨ ᠶᠡᠬᠡ ᠪᠠᠢᠯᠳᠤᠬᠤ ᠪᠤᠳᠤᠯᠭ᠎ᠠ ᠵᠢᠨ ᠪᠠᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠲᠠᠢ ᠨᠢᠭᠲᠠ ᠤᠶᠠᠯᠳᠤᠭᠤᠯᠵᠤ᠂ ᠠᠰᠠᠭᠤᠳᠠᠯ ᠵᠢᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠵᠢᠡᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠵᠤ᠂ 2025 ᠣᠨ ᠵᠢᠴᠢ《ᠠᠷᠪᠠᠨ ᠳᠥᠷᠪᠡᠳᠦᠭᠡᠷ ᠲᠠᠪᠤᠨ ᠵᠢᠯ》 ᠤᠨ ᠬᠤᠭᠤᠴᠠᠭᠠᠨ ᠳᠠᠬᠢ ᠠᠵᠢᠯ ᠤᠨ ᠦᠷ᠎ᠡ ᠪᠦᠲᠦᠮᠵᠢ᠂ ᠳᠤᠲᠠᠭᠤᠳᠠᠯ ᠪᠠᠭᠤᠷᠠᠢ ᠵᠦᠢᠯ ᠢ ᠪᠦᠬᠦ ᠲᠠᠯ᠎ᠠ ᠪᠠᠷ ᠳ᠋ᠦᠩᠨᠡᠨ ᠵᠠᠳᠠᠯᠵᠤ᠂ ᠪᠠᠢᠴᠠᠭᠠᠨ ᠰᠤᠳᠤᠯᠤᠯᠲᠠ ᠵᠢ ᠭᠦᠨᠵᠡᠭᠡᠢ ᠥᠷᠨᠢᠭᠦᠯᠵᠦ᠂ ᠰᠡᠳᠬᠢᠴᠡ ᠪᠠᠨ ᠲᠣᠳᠣᠷᠬᠠᠢᠯᠠᠵᠤ᠂ ᠵᠠᠩᠭᠢᠯᠠᠭ᠎ᠠ ᠵᠢ ᠣᠨᠣᠪᠴᠢᠲᠠᠢ ᠡᠷᠢᠵᠦ᠂ ᠡᠴᠦᠰ ᠲᠤᠨᠢ ᠲᠤᠯᠲᠠᠯ᠎ᠠ ᠠᠳᠬᠤᠵᠤ᠂ ᠥᠨᠢ ᠤᠳᠠᠭᠠᠨ ᠴᠢᠷᠮᠠᠢᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠵᠢᠨ《1571》ᠠᠵᠢᠯ ᠤᠨ ᠪᠠᠢᠷᠢᠯᠠᠭᠤᠯᠤᠯᠲᠠ ᠪᠣᠯᠤᠨ ᠪᠦᠬᠦ ᠣᠷᠣᠨ ᠤ ᠬᠣᠶᠠᠷ ᠬᠤᠷᠠᠯ ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ 《12843》ᠠᠵᠢᠯ ᠤᠨ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ ᠬᠥᠭᠵᠢᠯᠲᠡ ᠵᠢᠨ ᠳᠠᠯᠳᠠ ᠬᠦᠴᠦᠨ ᠢ ᠪᠣᠳᠠᠲᠤ ᠦᠷᠢᠰᠦᠯᠳᠦᠬᠦ ᠬᠦᠴᠦᠨ ᠪᠣᠯᠭᠠᠨ ᠬᠤᠪᠢᠷᠠᠭᠤᠯᠬᠤ ᠵᠢ ᠲᠦᠷᠭᠡᠳᠬᠡᠬᠦ ᠬᠡᠷᠡᠭᠲᠡᠢ᠃ ᠲᠤᠰ ᠪᠡᠶ᠎ᠡ ᠵᠢᠨ ᠴᠢᠳᠠᠪᠤᠷᠢ ᠪᠣᠯᠤᠨ ᠰᠤᠷᠲᠠᠯ ᠤᠨ ᠪᠠᠢᠭᠤᠯᠤᠯᠲᠠ ᠪᠠᠨ ᠴᠢᠩᠭᠠᠳᠬᠠᠵᠤ᠂ ᠮᠣᠩᠭᠣᠯ ᠮᠤᠷᠢᠨ ᠤ ᠵᠣᠷᠢᠭ ᠰᠠᠨᠠᠭ᠎ᠠ ᠵᠢ ᠶᠡᠬᠡᠪᠡᠷ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ ᠵᠠᠰᠠᠭᠰᠠᠨ᠂ ᠦᠨᠡᠨᠴᠢ ᠢᠲᠡᠭᠡᠮᠵᠢᠲᠡᠢ᠂ ᠥᠨᠳᠥᠷ ᠦᠷ᠎ᠡ ᠠᠰᠢᠭᠲᠠᠢ᠂ ᠠᠷᠢᠭᠤᠨ ᠴᠢᠬᠡᠴᠢ᠂ ᠦᠢᠯᠡᠴᠢᠯᠡᠭᠡᠨ ᠤ ᠬᠡᠯᠪᠡᠷᠢ ᠵᠢᠨ ᠵᠠᠰᠠᠭ ᠤᠨ ᠣᠷᠳᠣᠨ ᠢ ᠴᠢᠷᠮᠠᠢᠨ ᠪᠠᠢᠭᠤᠯᠬᠤ ᠬᠡᠷᠡᠭᠲᠡᠢ ᠭᠡᠪᠡ᠃
ᠬᠤᠷᠠᠯ ᠠᠴᠠ ᠪᠥᠬᠥ ᠠᠢᠮᠠᠭ ᠤᠨ ᠴᠠᠭᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭᠠᠨ ᠤ ᠵᠢᠭᠤᠯᠴᠢᠯᠠᠯ ᠤᠨ ᠠᠵᠢᠯᠯᠠᠭᠠᠨ ᠤ ᠲᠣᠬᠢᠷᠠᠭᠤᠯᠤᠯᠲᠠ ᠵᠢᠴᠢ ᠠᠮᠤᠷ ᠲᠦᠪᠰᠢᠨ ᠤ ᠪᠠᠲᠤᠯᠠᠭ᠎ᠠ ᠵᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠢᠨ ᠲᠤᠰ ᠭᠠᠵᠠᠷ ᠣᠷᠣᠨ ᠲᠤᠰ ᠬᠦᠷᠢᠶᠡᠨ ᠤ ᠪᠠᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠵᠤ᠂ ᠵᠢᠯ ᠂ ᠣᠨᠴᠠᠯᠢᠭ ᠵᠢᠠᠷ ᠢᠯᠡ ᠲᠣᠳᠣ᠂ ᠣᠷᠣᠯᠴᠠᠬᠤ ᠴᠢᠨᠠᠷ ᠵᠢᠠᠷ ᠴᠢᠩᠭ᠎ᠠ ᠰᠣᠶᠣᠯ ᠤᠨ ᠠᠵᠢᠯᠯᠠᠭ᠎ᠠ ᠵᠢ ᠵᠣᠬᠢᠶᠠᠨ ᠪᠠᠢᠭᠤᠯᠵᠤ ᠥᠷᠨᠢᠭᠦᠯᠬᠦ ᠬᠡᠷᠡᠭᠲᠡᠢ᠃ ᠷᠠᠰᠢᠶᠠᠨ ᠵᠢᠠᠷ ᠭᠣᠣᠯ ᠪᠣᠯᠭᠠᠵᠤ᠂ ᠪᠡᠶᠡᠴᠢᠯᠡᠨ ᠣᠢᠯᠠᠭᠠᠬᠤ ᠰᠢᠨ᠎ᠡ ᠡᠵᠡᠩᠨᠡᠯᠲᠡ ᠵᠢᠨ ᠬᠡᠯᠪᠡᠷᠢ ᠪᠠᠢᠳᠠᠯ ᠢ ᠲᠦᠷᠭᠡᠨ ᠪᠣᠢᠵᠢᠭᠤᠯᠵᠤ᠂ ᠪᠦᠬᠦ ᠣᠷᠣᠨ ᠪᠦᠰᠡ ᠪᠦᠬᠦ ᠤᠯᠠᠷᠢᠯ ᠤᠨ ᠤᠨ ᠬᠥᠭᠵᠢᠯᠲᠡ ᠵᠢᠨ ᠰᠢᠨ᠎ᠡ ᠪᠠᠢᠷᠢᠰᠢᠯ ᠢ ᠬᠦᠴᠦᠯᠡᠨ ᠪᠠᠢᠭᠤᠯᠬᠤ ᠬᠡᠷᠡᠭᠲᠡᠢ᠃ 《ᠢᠳᠡᠵᠦ ᠤᠤᠭᠤᠬᠤ ᠬᠣᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠬᠤ ᠬᠤᠳᠠᠯᠳᠤᠨ ᠠᠪᠬᠤ ᠵᠤᠭ᠎ᠠ ᠴᠡᠩᠭᠡᠯ》 ᠤᠨ ᠪᠥᠬᠥ ᠬᠦᠴᠦᠨ ᠵᠦᠢᠯ ᠲᠣᠭᠣᠷᠢᠨ ᠳᠤ᠂ ᠵᠠᠬ᠎ᠠ ᠳᠡᠯᠭᠡᠭᠦᠷ ᠬᠢᠨᠠᠯᠲᠠ ᠬᠠᠮᠢᠶᠠᠷᠤᠯᠲᠠ ᠵᠢ ᠴᠢᠩᠭᠠᠳᠬᠠᠵᠤ᠂ ᠵᠢᠭᠤᠯᠴᠢᠯᠠᠭᠴᠢᠳ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤ ᠥᠭᠴᠦ᠂ ᠦᠢᠯᠡᠴᠢᠯᠡᠭᠡᠨ ᠤ ᠶᠠᠰᠤ ᠴᠢᠨᠠᠷ ᠪᠠ ᠵᠢᠭᠤᠯᠴᠢᠯᠠᠭᠴᠢᠳ ᠤᠨ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠵᠠᠮ ᠬᠠᠷᠢᠯᠴᠠᠭ᠎ᠠ᠂ ᠤᠨ ᠲᠥᠬᠥᠭᠡᠷᠦᠮᠵᠢ᠂ ᠢᠳᠡᠵᠦ ᠤᠤᠭᠤᠬᠤ ᠬᠣᠨᠣᠵᠤ ᠬᠡᠪᠲᠡᠬᠦ ᠵᠡᠷᠭᠡ ᠭᠣᠣᠯᠳᠠᠯᠭ᠎ᠠ ᠲᠠᠢ ᠬᠦᠷᠢᠶᠡᠨ ᠳᠤ ᠠᠩᠬᠠᠷᠤᠯ ᠵᠢᠠᠨ ᠲᠥᠪᠯᠡᠷᠡᠭᠦᠯᠵᠦ᠂ ᠠᠮᠤᠷ ᠲᠦᠪᠰᠢᠨ ᠤ ᠭᠡᠮ ᠰᠣᠭᠣᠭ ᠢ ᠪᠠᠢᠴᠠᠭᠠᠨ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠲᠤ ᠰᠠᠨᠠᠭ᠎ᠠ ᠠᠮᠤᠷ᠂ ᠲᠠᠭᠠᠯᠠᠮᠵᠢᠲᠠᠢ ᠵᠤᠭᠠᠴᠠᠨ ᠨᠠᠭᠠᠳᠬᠤ ᠣᠷᠴᠢᠨ ᠲᠣᠭᠣᠷᠢᠨ ᠢ ᠪᠦᠬᠦ ᠬᠦᠴᠦᠨ ᠵᠢᠡᠷ ᠵᠢᠡᠨ ᠪᠤᠢ ᠪᠣᠯᠭᠠᠵᠤ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃