ᠵᠤᠬᠢᠶᠠᠭᠴᠢ:
ᠴᠠᠭ:2021-07-16
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠬᠥᠯᠥᠨ ᠪᠤᠶᠢᠷ ᠬᠤᠲᠠ ᠶᠢᠨ ᠰᠠᠭᠤᠭᠠᠯᠢ ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠤᠯᠪᠠ
ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ 2018 — 2020 ᠣᠨ ᠤ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ ᠵᠠᠰᠠᠬᠤ ᠠᠵᠢᠯ ᠤᠨ ᠠᠬᠢᠴᠠ ᠪᠠ 2021 ᠣᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ ᠵᠠᠰᠠᠨ ᠴᠡᠭᠴᠡᠯᠡᠵᠦ ᠳᠡᠭᠡᠭᠰᠢᠯᠡᠭᠦᠯᠬᠦ ᠠᠵᠢᠯ ᠤᠨ ᠠᠬᠢᠴᠠ ᠶᠢᠨ ᠪᠠᠶᠢᠳᠠᠯ ᠢ ᠨᠡᠶᠢᠲᠡᠯᠡᠪᠡ᠃ 2018 — 2020 ᠣᠨ ᠤ ᠰᠠᠭᠤᠭᠠᠯᠢ ᠣᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠬᠤᠭᠤᠴᠠᠭᠠᠨ ᠳᠤ᠂ ᠪᠥᠬᠦ ᠬᠤᠲᠠ ᠶᠢᠨ 795 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠠᠬᠢ 776 ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠵᠠᠰᠠᠭᠳᠠᠵᠤ᠂ ᠪᠥᠬᠦ ᠬᠤᠲᠠ ᠶᠢᠨ ᠶᠡᠷᠦᠩᠬᠡᠶ ᠲᠣᠭᠠᠨ ᠤ 97.61% ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠪᠡ᠃
ᠪᠥᠬᠦ ᠬᠤᠲᠠ ᠳᠤ ᠬᠤᠭ ᠨᠣᠪᠰᠢ ᠶᠢ ᠣᠪᠣᠭᠠᠯᠠᠬᠤ 210 ᠵᠢᠷᠤᠮᠵᠢᠯ ᠦᠭᠡᠢ ᠴᠡᠭ ᠢ ᠴᠡᠭᠴᠡᠯᠡᠨ ᠵᠠᠰᠠᠵᠤ᠂ ᠪᠡᠶᠡᠯᠡᠭᠦᠯᠦᠭᠰᠡᠨ ᠬᠠᠷᠢᠴᠠᠯ ᠨᠢ 100% ᠳᠤ ᠬᠦᠷᠴᠦ᠂ ᠬᠠᠷᠠᠯᠲᠠ ᠡᠭᠦᠷᠭᠡ ᠶᠢᠨ ᠱᠠᠭᠠᠷᠳᠠᠯᠭ᠎ᠠ ᠶᠢ ᠪᠡᠶᠡᠯᠡᠭᠦᠯᠪᠡ᠃ 2020 ᠣᠨ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠡᠷᠭᠦᠨ᠎ᠡ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ᠂ ᠵᠠᠯᠠᠨ ᠠᠶᠢᠯ ᠬᠤᠲᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠬᠤᠭ ᠨᠣᠪᠰᠢ ᠶᠢ ᠲᠥᠷᠥᠯ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠢᠶᠠᠷ ᠲᠣᠭᠲᠠᠭᠠᠵᠤ᠂ ᠨᠥᠬᠦᠴᠡᠯ ᠲᠠᠢ ᠰᠤᠮᠤ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠭᠠᠴᠠᠭ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠡᠬᠢ ᠢᠷᠡᠯᠲᠡ ᠠᠴᠠ ᠨᠢ ᠲᠥᠷᠥᠯ ᠠᠩᠭᠢᠯᠠᠵᠤ ᠬᠡᠮᠵᠢᠶ᠎ᠡ ᠶᠢ ᠪᠠᠭᠠᠰᠬᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠣᠷᠴᠢᠨ ᠲᠣᠭᠤᠷᠢᠨ ᠢ ᠠᠯᠬᠤᠮ ᠠᠯᠬᠤᠮ ᠢᠶᠠᠷ ᠰᠠᠶᠢᠵᠢᠷᠠᠭᠤᠯᠪᠠ᠃ ᠡᠨᠡ ᠵᠢᠯ ᠤᠨ 4 ᠳ᠋ᠦ᠋ᠭᠡᠷ ᠰᠠᠷ᠎ᠠ ᠳᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠲᠥᠷᠥᠯ ᠠᠩᠭᠢᠯᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠭᠤᠤᠯᠳᠠᠯᠭ᠎ᠠ ᠶᠢ ᠳᠣᠪᠤᠶᠢᠯᠭᠠᠬᠤ᠂ ᠨᠢᠭᠡᠳᠦᠯᠲᠡᠶ ᠲᠥᠯᠥᠪᠯᠡᠨ ᠠᠬᠢᠭᠤᠯᠬᠤ᠂ ᠪᠥᠬᠦ ᠬᠥᠮᠥᠰ ᠣᠷᠣᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠳᠤ ᠪᠠᠨ ᠬᠦᠷᠲᠡᠬᠦ᠂ ᠪᠠᠶᠢᠭᠤᠯᠬᠤ ᠪᠠ ᠬᠠᠮᠢᠶᠠᠷᠬᠤ ᠶᠢ ᠵᠡᠷᠭᠡ ᠳᠤ ᠨᠢ ᠴᠢᠬᠤᠯᠠᠴᠢᠯᠠᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠬᠤ ᠶᠢ ᠴᠢᠬᠤᠯᠠᠴᠢᠯᠠᠬᠤ ᠵᠠᠷᠴᠢᠮ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢᠨ ᠠᠰᠠᠭᠤᠳᠠᠯ ᠢ ᠴᠡᠭᠴᠡᠯᠡᠨ ᠳᠡᠭᠡᠭᠰᠢᠯᠡᠭᠦᠯᠬᠦ ᠠᠵᠢᠯ ᠢ ᠬᠢᠨᠠᠮᠠᠭᠠᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠵᠤ᠂ ᠮᠠᠯᠴᠢᠨ ᠲᠠᠷᠢᠶᠠᠴᠢᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠭᠤᠶᠣ ᠰᠠᠶᠢᠬᠠᠨ ᠠᠮᠢ ᠠᠬᠤᠶ ᠣᠷᠴᠢᠨ ᠲᠣᠭᠤᠷᠢᠨ ᠤ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠪᠠ᠃ 2021 ᠣᠨ ᠤ ᠰᠡᠭᠦᠯᠴᠢ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠬᠦ ᠨᠣᠷᠮ᠎ᠠ ᠶᠢ 30% ᠳᠤ ᠬᠦᠷᠦᠭᠦᠯᠬᠦ ᠪᠠᠷ ᠴᠢᠷᠮᠠᠶᠢᠨ᠎ᠠ᠃ ᠣᠲᠣ ᠪᠣᠯᠲᠠᠯ᠎ᠠ᠂ ᠪᠥᠬᠦ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠯᠴᠠᠭ᠎ᠠ ᠶᠢ 191 ᠵᠠᠰᠠᠭ ᠵᠠᠬᠢᠷᠭᠠᠨ ᠤ ᠲᠣᠰᠬᠤᠨ ᠳᠤ ᠪᠦᠷᠬᠦᠭᠦᠯᠵᠦ᠂ ᠪᠥᠬᠦ ᠬᠤᠲᠠ ᠶᠢᠨ ᠶᠡᠷᠦᠩᠬᠡᠶ ᠲᠣᠭᠠᠨ ᠤ 24% ᠶᠢ ᠡᠵᠡᠯᠡᠪᠡ᠃