ᠵᠤᠬᠢᠶᠠᠭᠴᠢ:
ᠴᠠᠭ:2021-09-02
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
ᠪᠦᠬᠦ ᠬᠤᠲᠠ ᠶᠢᠨ ᠦᠨᠳᠦᠰᠦᠳᠡᠨ ᠤ ᠵᠥᠪᠯᠡᠯ ᠤᠨ ᠰᠢᠰᠲ᠋ᠧᠮ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠤᠯᠠᠮᠵᠢᠯᠠᠨ ᠰᠤᠷᠤᠯᠴᠠᠪᠠ
2021 ᠣᠨ 8 ᠰᠠᠷ᠎ᠠ ᠶᠢᠨ 31 ᠤ ᠡᠳᠦᠷ᠂ ᠬᠥᠯᠥᠨ ᠪᠣᠢᠷ ᠬᠤᠳᠠ ᠶᠢᠨ ᠦᠨᠳᠦᠰᠦᠳᠡᠨ ᠤ ᠵᠥᠪᠯᠡᠯ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 19 ᠳ᠋ᠤᠭᠡᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠤᠯᠠᠮᠵᠢᠯᠠᠨ ᠰᠤᠷᠤᠯᠴᠠᠪᠠ᠃
ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠮᠠᠨ ᠤ ᠨᠠᠮ ᠤᠨ ᠦᠨᠳᠦᠰᠦᠲᠡᠨ ᠤ ᠠᠵᠢᠯ ᠤᠨ ᠵᠠᠭᠤᠨ ᠵᠢᠯ ᠤᠨ ᠬᠡᠷᠡᠯ ᠰᠠᠴᠤᠷᠠᠩᠭᠤᠶ ᠥᠩᠭᠡᠷᠡᠯᠲᠡ ᠪᠣᠯᠤᠨ ᠲᠡᠦᠬᠡᠨ ᠠᠮᠵᠢᠯᠲᠠ ᠶᠢ ᠪᠥᠬᠦ ᠲᠠᠯ᠎ᠠ ᠪᠠᠷ ᠡᠷᠭᠢᠴᠡᠭᠦᠯᠵᠦ᠂ ᠣᠳᠣᠬᠠᠨ ᠤ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠵᠠᠳᠠᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠤᠳᠬ᠎ᠠ ᠰᠠᠨᠠᠭ᠎ᠠ ᠭᠦᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠢᠯᠡ ᠲᠣᠳᠣ ᠤᠯᠤᠰ ᠲᠦᠷᠦᠴᠢ ᠴᠢᠨᠠᠷ᠂ ᠦᠵᠡᠯ ᠰᠠᠨᠠᠭᠠᠲᠤ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠨᠠᠮ ᠤᠨ ᠲᠦᠷᠦ ᠶᠢ ᠵᠠᠰᠠᠬᠤ ᠠᠷᠭ᠎ᠠ ᠪᠤᠳᠤᠯᠭ᠎ᠠ ᠶᠢᠨ ᠨᠠᠮ ᠤᠨ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠲᠥᠪᠯᠡᠷᠡᠩᠭᠦᠢ ᠢᠯᠡᠷᠡᠯ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠤᠨ ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠪᠠᠶᠢᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃
ᠬᠤᠷᠠᠯ ᠠᠴᠠ᠂ ᠪᠥᠬᠦ ᠬᠤᠲᠠ ᠶᠢᠨ ᠦᠨᠳᠦᠰᠦᠳᠡᠨ ᠤ ᠬᠡᠷᠡᠭ ᠡᠷᠬᠢᠯᠡᠬᠦ ᠵᠥᠪᠯᠡᠯ ᠤᠨ ᠰᠢᠰᠲ᠋ᠧᠮ ᠤᠨ ᠬᠢᠨ ᠦᠨᠳᠦᠰᠦᠲᠡᠨ ᠤ ᠠᠵᠢᠯ ᠤᠨ ᠵᠥᠪ ᠴᠢᠭᠯᠡᠯ ᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ 《ᠳᠥᠷᠪᠡᠨ ᠤᠬᠠᠮᠰᠠᠷ》 ᠢᠶᠠᠨ ᠴᠢᠩᠭᠠᠳᠬᠠᠵᠤ᠂ 《ᠳᠥᠷᠪᠡᠨ ᠢᠲᠡᠭᠡᠯ》 ᠢᠶᠠᠨ ᠪᠠᠲᠤᠳᠬᠠᠵᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠦᠨᠡᠨ ᠬᠦ ᠲᠤᠤᠱ᠌ᠢᠯᠠᠭᠤᠯᠵᠤ᠂ ᠠᠯᠢᠪᠠ ᠠᠵᠢᠯ ᠢᠶᠠᠨ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠲᠡᠶᠢᠰᠢ ᠲᠥᠪᠯᠡᠷᠡᠭᠦᠯᠦᠨ ᠨᠢᠭᠲᠠᠷᠠᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠯᠠᠮ ᠨᠢᠭᠡ ᠠᠯᠬᠤᠮ ᠬᠦᠳᠦᠯᠦᠨ ᠵᠢᠯᠣᠭᠤᠳᠴᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠬᠤ ᠬᠡᠷᠡᠭᠲᠡᠢ ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠪᠦᠬᠦ ᠣᠷᠣᠨ ᠤ 38 ᠳ᠋ᠤᠭᠠᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠳᠤ ᠤᠯᠠᠨ ᠶᠠᠩᠵᠤ ᠬᠡᠯᠪᠡᠷᠢ ᠶᠢᠨ᠂ ᠡᠯᠪᠡᠭ ᠪᠠᠶᠠᠯᠢᠭ ᠤᠯᠠᠨ ᠲᠦᠮᠡᠨᠴᠢ ᠴᠢᠨᠠᠷᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠬᠥᠮᠦᠰ ᠤᠨ ᠰᠡᠳᠬᠢᠯ ᠳᠤ ᠬᠡᠷᠡᠭᠲᠡᠢ ᠭᠡᠵᠦ ᠱᠠᠭᠠᠷᠳᠠᠪᠠ᠃
ᠪᠥᠬᠦ ᠬᠤᠲᠠ ᠶᠢᠨ 14 ᠬᠤᠰᠢᠭᠤ ᠬᠤᠲᠠ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠰᠤᠷᠤᠯᠴᠠᠯᠭ᠎ᠠ᠂ ᠺᠠᠳ᠋ᠷ ᠠᠵᠢᠯᠲᠠᠨ ᠠᠵᠢᠯᠴᠢᠨ ᠤ ᠬᠠᠮᠲᠤ ᠶᠢᠨ ᠰᠤᠷᠤᠯᠴᠠᠯᠭ᠎ᠠ ᠵᠢᠴᠢ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠭᠦᠨᠵᠡᠭᠡᠶ ᠰᠤᠷᠤᠯᠴᠠᠵᠤ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠨᠳᠦᠰᠦᠲᠡᠨ ᠤ ᠠᠵᠢᠯ ᠤᠨ ᠹᠷᠣᠨᠲ ᠤᠨ ᠪᠥᠬᠦ ᠺᠠᠳ᠋ᠷ ᠠᠵᠢᠯᠲᠠᠨ ᠠᠵᠢᠯᠴᠢᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ ᠠᠵᠢᠯ ᠤᠨ ᠬᠠᠮᠲᠤᠷᠠᠯ ᠬᠦᠴᠦᠨ ᠢ ᠪᠣᠶ ᠪᠣᠯᠭᠠᠬᠤ ᠶᠢ ᠠᠬᠢᠭᠤᠯᠤᠨ᠎ᠠ ᠭᠡᠵᠡᠢ᠃
ᠲᠠᠷᠠᠭᠠᠴᠢ ᠶᠢᠨ ᠱᠠᠲᠤᠨ ᠤ ᠠᠵᠢᠯ ᠤᠨ ᠳᠤᠮᠳᠠ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠨᠠᠶᠢᠳᠠᠪᠤᠷᠢᠵᠢᠭᠤᠯᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠵᠤ᠂ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠬᠦ ᠨᠠᠷᠢᠯᠢᠭ ᠪᠣᠳᠠᠲᠠᠶ ᠨᠠᠶᠢᠳᠠᠪᠤᠷᠢᠵᠢᠭᠤᠯᠵᠤ᠂ 《ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠲᠠ》 ᠶᠢᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠦᠨ ᠳᠡᠭᠡᠭᠰᠢᠯᠡᠭᠦᠯᠵᠦ᠂ ᠬᠥᠯᠥᠨ ᠪᠤᠶᠢᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠪᠤᠢ ᠪᠤᠯᠭᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ︕