ᠵᠤᠬᠢᠶᠠᠭᠴᠢ:
ᠴᠠᠭ:2025-02-28
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ
ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
2025 ᠣᠨ ᠤ 2 ᠳ᠋ᠤᠭᠠᠷ ᠰᠠᠷ᠎ᠠ ᠶᠢᠨ 19 ᠤ ᠡᠳᠦᠷ᠂ ᠮᠠᠨ ᠤ ᠬᠤᠲᠠ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠂ 2025 ᠣᠨ ᠤ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠴᠠᠩ ᠴᠢᠩ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠨ ᠱᠦ ᠭᠤᠸᠠᠩ ᠬᠤᠷᠠᠯ ᠢ ᠡᠷᠭᠢᠯᠡᠪᠡ᠃
ᠬᠤᠷᠠᠯ ᠠᠴᠠ᠂ 2025 ᠣᠨ ᠳᠤ ᠪᠦᠬᠦ ᠬᠤᠲᠠ ᠶᠢᠨ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠲᠥᠪ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ 《ᠲᠠᠪᠤᠨ ᠶᠡᠭᠡ ᠡᠭᠦᠷᠭᠡ》《ᠵᠢᠷᠭᠤᠭᠠᠨ ᠢᠨᠵᠧᠨᠧᠷᠢᠩ》《ᠵᠢᠷᠭᠤᠭᠠᠨ ᠠᠵᠢᠯᠯᠠᠭᠠᠨ》 ᠤ ᠳᠤᠮᠳᠠᠬᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠳᠤ ᠬᠤᠯᠪᠣᠭᠳᠠᠬᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠪᠥᠬᠦ ᠬᠤᠲᠠ ᠶᠢᠨ ᠭᠤᠣᠯ ᠶᠡᠭᠡ ᠲᠠᠯ᠎ᠠ ᠳᠤ ᠦᠢᠯᠡᠴᠢᠯᠡᠨ ᠪᠠᠲᠤᠯᠠᠭ᠎ᠠ ᠬᠠᠩᠭᠠᠬᠤ ᠬᠡᠷᠡᠭᠲᠡᠢ︔ ᠤᠯᠤᠰ ᠤᠨ ᠶᠡᠷᠦᠩᠬᠡᠢ ᠴᠤᠭᠴᠠᠲᠤ ᠠᠮᠤᠷ ᠲᠦᠪᠰᠢᠨ ᠤ ᠦᠵᠡᠯᠲᠡ ᠶᠢ ᠡᠷᠡᠰ ᠂ ᠡᠬᠢ ᠪᠠᠶᠠᠯᠢᠭ ᠤᠨ ᠬᠦᠴᠦᠨ ᠢ ᠡᠮᠬᠢᠯᠡᠨ ᠨᠡᠶᠢᠯᠡᠭᠦᠯᠵᠦ᠂ ᠠᠮᠤᠷ ᠲᠦᠪᠰᠢᠨ ᠤ ᠪᠠᠶᠢᠭᠤᠯᠤᠯᠲᠠ ᠶᠢᠨ ᠴᠢᠨᠠᠷ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ︔ ᠥᠭᠡᠷᠡᠴᠢᠯᠡᠯᠲᠡ ᠶᠢᠨ ᠠᠷᠭ᠎ᠠ ᠮᠠᠶ᠋ᠢᠭ ᠢ ᠴᠢᠳᠠᠮᠠᠭᠠᠢ ᠬᠡᠷᠡᠭᠯᠡᠨ ᠬᠦᠴᠢᠷᠳᠡᠯ ᠢ ᠰᠢᠢᠳᠪᠦᠷᠢᠯᠡᠨ ᠰᠢᠨ᠎ᠡ ᠪᠠᠶᠢᠳᠠᠯ ᠢ ᠡᠭᠦᠳᠴᠦ᠂ ᠬᠠᠤᠯᠢᠵᠢᠯ ᠤᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠬᠠᠤᠯᠢᠵᠢᠯ ᠤᠨ ᠬᠥᠯᠥᠨ ᠪᠤᠶᠢᠷ ᠤᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ︔ ᠨᠠᠮ ᠢ ᠴᠢᠩᠭ᠎ᠠ ᠬᠠᠮᠢᠶᠠᠷᠴᠤ ᠴᠠᠭᠳᠠᠭ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠣᠳᠣᠬᠢᠴᠢᠯᠠᠭᠰᠠᠨ ᠬᠥᠯᠥᠨ ᠪᠤᠶᠢᠷ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠨᠡᠩ ᠶᠡᠭᠡ ᠤᠯᠤᠰ ᠲᠦᠷᠦ ᠬᠠᠤᠯᠢ ᠴᠠᠭᠠᠵᠠ ᠶᠢᠨ ᠬᠦᠴᠦᠨ ᠢ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃