ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ:
ᠵᠢᠢ ᠶᠦᠩ ᠴᠢᠶᠠᠨ ᠪᠦᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠤ ᠲᠤᠰᠬᠠᠢ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
2025 3 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠪᠠᠶᠢᠳᠠᠯ ᠢ ᠵᠠᠳᠠᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠲᠠᠷᠠᠭᠠᠴᠢ ᠶᠢᠨ ᠠᠯᠬᠤᠮ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠯᠢᠶᠠᠩ ᠶᠢᠨ ᠰᠥᠩ᠂ ᠰᠦᠨ ᠸᠧᠶ ᠣᠷᠣᠯᠴᠠᠵᠠᠶ᠃
ᠬᠤᠷᠠᠯ ᠠᠴᠠ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠪᠦᠬᠦ ᠵᠢᠯ ᠤᠨ ᠵᠢᠱᠢᠯᠲᠡ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠬᠦ ᠳᠤ ᠲᠦᠢᠯ ᠤᠨ ᠴᠢᠬᠤᠯᠠ ᠶᠤᠮ᠃ ᠬᠠᠷᠢᠭᠤᠴᠠᠯᠭ᠎ᠠ ᠶᠢᠨ ᠤᠬᠠᠮᠰᠠᠷ᠂ ᠰᠠᠨᠠᠭᠠᠰᠢᠷᠠᠬᠤ ᠤᠬᠠᠮᠰᠠᠷ ᠢᠶᠠᠨ ᠦᠨᠡᠨ ᠬᠦ᠌ ᠴᠢᠩᠭᠠᠳᠬᠠᠵᠤ᠂ ᠠᠩᠬᠠᠨ ᠤ ᠤᠯᠠᠷᠢᠯ ᠤᠨ 《ᠰᠠᠶᠢᠨ ᠡᠬᠢᠯᠡᠯᠲᠡ》 ᠶᠢ ᠪᠡᠶᠡᠯᠡᠭᠦᠯᠬᠦ ᠶᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠣᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠡᠭᠦᠷᠭᠡ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠠᠵᠢᠯ ᠢ ᠡᠷᠴᠢᠮᠲᠡᠢ ᠪᠥᠭᠡᠳ ᠪᠦᠲᠦᠮᠵᠢᠲᠡᠶ ᠠᠬᠢᠭᠤᠯᠵᠤ᠂ ᠰᠠᠶᠢᠨ ᠰᠠᠶᠢᠬᠠᠨ ᠡᠬᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠬᠡᠷᠡᠭᠯᠡᠭᠡ ᠶᠢ ᠬᠥᠭᠵᠢᠭᠡᠬᠦ ᠶᠢ ᠴᠢᠬᠤᠯᠠ ᠪᠠᠶᠢᠷᠢᠨ ᠳᠤ ᠲᠠᠯᠪᠢᠵᠤ᠂ 《ᠬᠤᠶᠠᠷ ᠰᠢᠨ᠎ᠡ》 ᠲᠦᠷᠦ ᠶᠢᠨ ᠪᠤᠳᠤᠯᠭ᠎ᠠ ᠶᠢ ᠬᠦᠴᠦᠯᠡᠨ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠰᠢᠨ᠎ᠡ ᠪᠠᠷ ᠮᠠᠨᠳᠤᠭᠰᠠᠨ ᠬᠡᠷᠡᠭᠯᠡᠭᠡ ᠶᠢ ᠬᠥᠭᠵᠢᠭᠦᠯᠵᠦ᠂ ᠬᠡᠷᠡᠭᠯᠡᠭᠡᠨ ᠤ ᠪᠠᠶᠢᠳᠠᠯ ᠳᠤ ᠰᠢᠨ᠎ᠡ ᠶᠢ ᠡᠭᠦᠳᠴᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠶᠠᠰᠤ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠢ ᠬᠦᠴᠦᠲᠡᠢ ᠠᠬᠢᠭᠤᠯᠬᠤ ᠬᠡᠷᠡᠭᠲᠡᠢ᠃ ᠪᠦᠬᠦ ᠬᠦᠷᠢᠶ᠎ᠡ ᠴᠠᠷᠠᠭ᠎ᠠ ᠪᠦᠬᠦ ᠡᠯᠧᠮᠧᠨ᠋ᠲ ᠢ ᠶᠡᠬᠡᠪᠡᠷ ᠵᠢᠭᠰᠠᠭᠠᠨ ᠪᠠᠶᠢᠴᠠᠭᠠᠬᠤ ᠪᠠ ᠲᠦᠷᠦᠯ ᠵᠦᠢᠯ ᠢ ᠲᠥᠯᠥᠪᠵᠢᠭᠦᠯᠬᠦ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠪᠠ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠬᠦᠴᠦᠯᠡᠨ ᠰᠠᠶᠢᠲᠤᠷ ᠠᠳᠬᠤᠵᠤ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠠᠳᠬᠤᠵᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠵᠢᠯ ᠲᠦᠷᠦᠯ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ 《ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ》 ᠪᠠᠷ ᠵᠢᠭᠠᠨ ᠵᠢᠯᠣᠭᠤᠳᠴᠤ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠳᠦᠭᠦᠷᠡᠩ ᠦᠢᠯᠡᠳᠪᠦᠷᠢᠯᠡᠯ ᠪᠠ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠮᠠᠯ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠬᠠᠪᠤᠷ ᠤᠨ ᠤᠯᠠᠷᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠴᠠᠭ ᠲᠤᠬᠠᠢ ᠳᠤᠨᠢ ᠪᠡᠶᠡᠯᠡᠭᠦᠯᠵᠦ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠬᠤᠲᠠ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠤᠨ ᠠᠵᠢᠯ ᠢᠶᠠᠨ ᠬᠤᠪᠢᠳᠠᠨ ᠠᠬᠢᠭᠤᠯᠬᠤ᠂ ᠶᠡᠷᠦᠩᠬᠡᠶᠢᠯᠡᠭᠰᠡᠨ ᠠᠵᠤ ᠠᠬᠤᠶ ᠶᠢᠨ ᠰᠠᠯᠠᠭ᠎ᠠ ᠮᠥᠴᠢᠷ ᠤᠨ ᠬᠢᠨᠠᠨ ᠬᠡᠮᠵᠢᠵᠦ ᠵᠢᠯᠣᠭᠤᠳᠬᠤ᠂ ᠬᠤᠰᠢᠭᠤ ᠬᠤᠲᠠ ᠲᠣᠭᠤᠷᠢᠭ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠬᠤ᠂ ᠳᠠᠭᠠᠭᠠᠴᠢᠯᠠᠨ ᠬᠤᠯᠪᠤᠭᠠᠯᠠᠬᠤ ᠤᠳᠤᠷᠢᠳᠤᠯᠭ᠎ᠠ ᠱᠠᠯᠠᠪᠳᠠᠭᠤᠯᠤᠨ ᠵᠢᠯᠤᠭᠤᠳᠴᠤ ᠠᠬᠢᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠷᠢᠳᠤ ᠠᠴᠠ ᠵᠠᠪᠳᠤᠨ ᠡᠷᠲᠡ ᠠᠴᠠ ᠠᠳᠬᠤᠵᠤ᠂ ᠠᠷᠭ᠎ᠠ ᠰᠦᠪᠡᠭᠴᠢᠯᠡᠨ ᠲᠦᠷᠭᠡᠨ ᠬᠥᠳᠡᠯᠦᠯᠴᠡᠵᠦ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃