ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ
ᠬᠤᠲᠠ ᠶᠢᠨ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
2025 3 ᠳ᠋ᠤᠭᠠᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠲᠥᠯᠥᠭᠡᠯᠡᠭᠴᠢ ᠬᠥᠮᠦᠰ ᠤᠨ 2024 ᠣᠨ ᠤ ᠭᠤᠤᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠪᠣᠯᠤᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠬᠤᠲᠠ ᠶᠢᠨ ᠨᠠᠮ ᠤᠨ ᠬᠤᠷᠢᠶ᠎ᠠ ᠶᠡᠷᠦᠩᠬᠡᠶ ᠡᠭᠦᠷ ᠶᠢᠨ ᠲᠤᠰᠬᠠᠶ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠡᠨᠡ ᠵᠢᠯ ᠤᠨ ᠠᠵᠢᠯ ᠢ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠬᠤᠷᠢᠶᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠶᠠᠷᠢᠯᠴᠠᠬᠤ ᠬᠤᠷᠠᠯ ᠳᠡᠭᠡᠷ᠎ᠡ᠂ 8 ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠨᠢᠭᠡ ᠭᠤᠣᠯ ᠰᠢᠵᠢᠮ ᠢ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠬᠢᠯᠢ ᠬᠢᠵᠠᠭᠠᠷ ᠣᠷᠣᠨ ᠤ ᠵᠠᠰᠠᠯᠲᠠ ᠵᠡᠷᠭᠡ ᠲᠠᠯ᠎ᠠ ᠪᠠᠷ ᠶᠠᠷᠢᠶ᠎ᠠ ᠲᠠᠯᠪᠢᠪᠠ᠃
ᠸᠠᠩ ᠸᠠᠩ ᠱᠧᠩ ᠤᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠤᠲᠠᠯᠠᠵᠤ᠂ ᠳᠡᠳᠡᠨ ᠤ ᠬᠥᠯᠥᠨ ᠪᠤᠶᠢᠷ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠪᠠ᠃ ᠸᠠᠩ ᠸᠠᠩ ᠱᠧᠩ᠂ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠰᠡᠭᠦᠯ ᠬᠤᠷᠢᠶᠠᠬᠤ ᠵᠢᠯ ᠪᠠ 《ᠠᠷᠪᠠᠨ ᠲᠠᠪᠤᠳᠤᠭᠠᠷ ᠲᠠᠪᠤᠨ ᠵᠢᠯ》 ᠲᠥᠯᠥᠪᠵᠢᠭᠦᠯᠬᠦ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠢᠭᠡ ᠭᠤᠤᠯ ᠰᠢᠵᠢᠮ ᠢ ᠂ 《ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ》 《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ᠂ 《ᠵᠢᠷᠭᠤᠭᠠᠨ ᠢᠨᠵᠧᠨᠧᠷᠢᠩ》 ᠬᠡᠷᠡᠭᠵᠢᠭᠦᠯᠬᠦ᠂ 《ᠵᠢᠷᠭᠤᠭᠠᠨ ᠠᠵᠢᠯᠯᠠᠭᠠᠨ》 ᠢ ᠥᠷᠨᠢᠭᠦᠯᠬᠦ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠴᠤ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠠ ᠪᠥᠬᠦ ᠬᠦᠷᠢᠶ᠎ᠡ ᠴᠠᠷᠠᠭ᠎ᠠ ᠪᠥᠬᠦ ᠬᠦᠴᠦᠨ ᠵᠦᠢᠯ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠤᠨ 《ᠬᠤᠶᠠᠷ ᠢ ᠬᠤᠪᠢᠷᠠᠭᠤᠯᠬᠤ》 ᠵᠡᠷᠭᠡ ᠠᠵᠢᠯ ᠢ ᠲᠦᠷᠭᠡᠳᠬᠡᠨ ᠠᠬᠢᠭᠤᠯᠵᠤ ᠪᠠᠶᠢᠨ᠎ᠠ᠃ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠨᠢᠭᠡᠳᠬᠡᠨ᠂ ᠣᠶᠤᠨ ᠤᠬᠠᠭᠠᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠪᠥᠬᠦ ᠬᠤᠲᠠ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠥᠬᠦ ᠵᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠡᠢ᠃
ᠸᠠᠩ ᠸᠠᠩ ᠱᠧᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ ᠲᠤ ᠭᠤᠷᠪᠠᠨ ᠬᠦᠰᠡᠯ ᠨᠠᠶᠢᠳᠠᠯᠭ᠎ᠠ ᠳᠤᠷᠠᠳᠴᠠᠢ᠃ ᠨᠢᠭᠡ ᠳᠤ᠂ ᠵᠥᠪ ᠤᠷᠤᠭᠰᠢᠯᠠᠯᠲᠠ ᠶᠢᠨ ᠴᠢᠭᠯᠡᠯ ᠢ ᠪᠠᠲᠤ ᠡᠵᠡᠮᠳᠡᠵᠦ᠂ ᠬᠥᠭᠵᠢᠯᠲᠡ ᠶᠢᠨ ᠶᠡᠭᠡ ᠲᠠᠯ᠎ᠠ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠦᠢᠯᠡᠴᠢᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠠᠷ ᠢᠶᠠᠨ 《ᠬᠤᠶᠠᠷ ᠢ ᠲᠤᠭᠲᠠᠭᠠᠭᠰᠠᠨ》 ᠢ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠦᠢᠯᠡᠳᠦᠯᠭᠡᠵᠢᠬᠦᠯᠬᠦ ᠬᠡᠷᠡᠭᠳᠡᠢ᠃ ᠬᠤᠶᠠᠷ ᠲᠤ᠂ ᠢᠮᠠᠭᠲᠠ 《ᠤᠯᠤᠰ ᠤᠨ ᠶᠡᠭᠡ ᠲᠠᠯ᠎ᠠ》 ᠶᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠴᠢᠳᠠᠪᠤᠷᠢᠲᠠᠨ ᠴᠤᠭᠯᠠᠷᠠᠭᠰᠠᠨ᠂ ᠤᠶᠤᠨ ᠤᠬᠠᠭᠠᠨ ᠲᠥᠪᠯᠡᠷᠡᠭᠰᠡᠨ᠂ ᠬᠠᠷᠢᠯᠴᠠᠭ᠎ᠠ ᠥᠷᠭᠡᠨ ᠳᠡᠯᠭᠡᠷ ᠳᠠᠪᠠᠭᠤᠯᠢᠭ ᠢᠶᠠᠨ ᠨᠡᠩ ᠰᠠᠶᠢᠨ ᠪᠠᠳᠠᠷᠠᠭᠤᠯᠵᠤ᠂ ᠪᠦᠬᠦ ᠬᠤᠳᠠ ᠶᠢᠨ ᠠᠵᠢᠯ ᠤᠨ ᠭᠤᠣᠯᠳᠠᠯᠭ᠎ᠠ ᠪᠣᠯᠤᠨ ᠨᠡᠶᠢᠭᠡᠮ ᠤᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠴᠠᠭᠠᠨ ᠰᠤᠳᠤᠯᠤᠯᠲᠠ ᠬᠢᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠰᠠᠶᠢᠨ ᠠᠷᠭ᠎ᠠ ᠪᠤᠳᠤᠯᠭ᠎ᠠ᠂ ᠪᠣᠳᠠᠲᠠᠢ ᠠᠷᠭ᠎ᠠ ᠤᠬᠠᠭᠠᠨ ᠭᠠᠷᠭᠠᠬᠤ ᠬᠡᠷᠡᠭᠳᠡᠢ᠃ ᠭᠤᠷᠪᠠ ᠳᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠰᠢᠯᠢᠳᠡᠭ ᠤᠯᠠᠮᠵᠢᠯᠠᠯ ᠢᠶᠠᠨ ᠤᠯᠠᠮᠵᠢᠯᠠᠨ ᠪᠠᠳᠠᠷᠠᠭᠤᠯᠵᠤ᠂ ᠨᠡᠶᠢᠭᠡᠮ ᠳᠠᠶᠠᠭᠠᠷ ᠲᠤ ᠪᠦᠯᠬᠦᠮᠳᠡᠨ ᠬᠠᠮᠲᠤ ᠠᠵᠢᠯᠯᠠᠬᠤ ᠢᠳᠡᠪᠬᠢ ᠬᠦᠴᠦᠨ ᠪᠠ ᠰᠠᠶᠢᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ ᠭᠡᠵᠡᠢ᠃