ᠵᠤᠬᠢᠶᠠᠭᠴᠢ:
ᠴᠠᠭ:2025-05-05
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ
ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ 2025 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠪᠠ
2025 4 ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠤᠨ《ᠰᠣᠶᠣᠯ ᠤᠨ ᠬᠦᠴᠦᠷᠬᠡᠭ ᠤᠯᠤᠰ ᠢ ᠲᠦᠷᠭᠡᠨ ᠪᠦᠳᠦᠬᠡᠨ ᠪᠠᠶᠢᠭᠤᠯᠬᠤ》ᠴᠢᠬᠤᠯᠠ ᠵᠤᠬᠢᠶᠠᠯ ᠢ ᠤᠯᠠᠮᠵᠢᠯᠠᠨ ᠰᠤᠷᠤᠯᠴᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠣᠶᠣᠯ ᠤᠨ ᠠᠭᠤᠯᠤᠭᠳᠠᠬᠤᠨ ᠢ ᠠᠭᠤᠳᠠᠯᠤᠨ ᠲᠠᠶᠢᠯᠪᠤᠷᠢᠯᠠᠬᠤ ᠶᠢ ᠭᠦᠨᠵᠡᠭᠡᠶᠢᠷᠡᠭᠦᠯᠵᠦ᠂ ᠬᠤᠳᠠ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢ ᠴᠢᠬᠤᠯᠠᠴᠢᠯᠠᠵᠤ᠂ ᠰᠣᠶᠣᠯ ᠤᠨ ᠥᠪ ᠤᠨ ᠰᠢᠰᠲ᠋ᠧᠮᠲᠦ ᠬᠠᠮᠠᠭᠠᠯᠠᠯᠲᠠ ᠤᠯᠠᠮᠵᠢᠯᠠᠯ ᠪᠠ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠯᠢᠳᠡᠭ ᠰᠣᠶᠣᠯ ᠤᠨ ᠦᠢᠯᠡᠴᠢᠯᠡᠭᠡ ᠪᠠᠷ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠡᠨᠧᠷᠭᠢ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ《ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠳᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ》 ᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠳᠤ ᠲᠦᠰᠢᠭᠯᠡᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠡᠯᠡ ᠮᠥᠩᠭᠦ ᠶᠢᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠬᠦ᠂ ᠦᠷ᠎ᠡ ᠠᠰᠢᠭ ᠢ ᠪᠠᠳᠠᠷᠠᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠱᠠᠲᠤᠨ ᠤ ᠠᠬᠢᠭᠤᠯᠬᠤ᠂ ᠬᠠᠮᠢᠶᠠᠷᠴᠤ ᠬᠠᠮᠠᠭᠠᠯᠠᠬᠤ ᠪᠠ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠠᠷᠠᠳ ᠤᠨ ᠰᠡᠳᠬᠢᠯ ᠢ ᠤᠯᠬᠤ ᠢᠨᠵᠧᠨᠧᠷᠢᠩ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠭᠡᠷ ᠤᠯᠠᠷᠢᠯ ᠳᠤ ᠪᠦᠬᠦ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠤ ᠰᠠᠶᠢᠵᠢᠷᠠᠯᠲᠠ ᠶᠢᠨ ᠪᠠᠶᠢᠳᠠᠯ ᠳᠤᠮᠳᠠ ᠠᠴᠠ ᠢᠲᠡᠭᠡᠯ ᠵᠣᠷᠢᠭ ᠢᠶᠠᠨ ᠪᠠᠲᠤᠳᠬᠠᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠤᠨᠤᠴᠠᠲᠠᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠶᠠᠳᠤᠭᠠᠷ ᠤᠯᠠᠷᠢᠯ ᠳᠤ ᠴᠢᠷᠮᠠᠶᠢᠨ ᠲᠡᠮᠡᠴᠡᠵᠦ᠂《ᠬᠤᠣᠰ ᠳᠠᠪᠠᠯᠲᠠ》 ᠶᠢ ᠲᠡᠮᠡᠴᠡᠨ ᠣᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠡᠯ᠎ᠡ ᠹᠷᠣᠨᠲ ᠤᠨ ᠪᠦᠬᠦ ᠬᠦᠷᠢᠶᠡᠨ ᠤ ᠪᠦᠬᠦ ᠡᠯᠧᠮᠧᠨ᠋ᠲ ᠢ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠦᠬᠦ ᠬᠦᠷᠢᠶ᠎ᠡ ᠴᠠᠷᠠᠭ᠎ᠠ ᠪᠦᠬᠦ ᠡᠯᠧᠮᠧᠨ᠋ᠲ ᠢ ᠵᠢᠭᠰᠠᠭᠠᠨ ᠪᠠᠶᠢᠴᠠᠭᠠᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠵᠢᠭᠰᠠᠭᠠᠨ ᠪᠠᠶᠢᠴᠠᠭᠠᠭᠰᠠᠨ ᠦᠷ᠎ᠡ ᠪᠦᠲᠦᠭᠡᠯ ᠢ ᠰᠢᠨ᠎ᠡ ᠡᠨᠧᠷᠭᠢ ᠶᠢᠨ ᠠᠵᠤ ᠦᠢᠯᠡᠰ ᠢ ᠨᠠᠶᠢᠳᠠᠪᠤᠷᠢᠵᠢᠭᠤᠯᠬᠤ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠭᠤᠶᠤᠴᠢᠯᠠᠨ ᠪᠠᠶᠢᠭᠤᠯᠬᠤ᠂ ᠪᠣᠭᠤᠮᠲᠠ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠶᠢᠨ ᠪᠦᠳᠦᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠤᠳᠠᠯᠳᠤᠭ᠎ᠠ ᠶᠢ ᠠᠭᠤᠰᠤᠯᠴᠠᠭᠤᠯᠤᠨ ᠬᠥᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠲᠦᠷᠭᠡᠨ ᠠᠭᠤᠰᠤᠯᠴᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ ᠦᠢᠯᠡᠳᠪᠦᠷᠢᠯᠡᠯ᠂ ᠲᠠᠷᠠᠬᠠᠢ ᠪᠤᠳᠠᠷᠬᠠᠢ ᠪᠠᠭᠠᠨ᠎ᠠ ᠤᠲᠠᠰᠤ ᠶᠢ ᠲᠤᠰᠬᠠᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠲᠥᠰᠦᠯ ᠢ ᠰᠤᠳᠤᠯᠤᠨ ᠬᠢᠨᠠᠨ ᠵᠥᠪᠯᠡᠪᠡ᠃