ᠵᠤᠬᠢᠶᠠᠭᠴᠢ:
ᠴᠠᠭ:2025-04-25
ᠥᠵᠡᠭᠰᠡᠨ : ℃
ᠢᠷᠡᠯᠲᠡ:
ᠸᠠᠩ ᠸᠠᠩ ᠱᠧᠩ ᠶᠠᠭᠰᠢ ᠬᠤᠲᠠ ᠳᠤ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠪᠠ
2025 4 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠶᠠᠭᠰᠢ ᠬᠤᠲᠠ ᠳᠤ《ᠵᠢᠷᠭᠤᠭᠠᠨ ᠠᠵᠢᠯᠯᠠᠭ᠎ᠠ》᠂ ᠠᠮᠢ ᠠᠬᠤᠶ ᠶᠢᠨ ᠬᠠᠮᠠᠭᠠᠯᠠᠯᠲᠠ᠂ ᠭᠤᠤᠯᠳᠠᠯᠭ᠎ᠠ ᠲᠠᠢ ᠲᠥᠷᠥᠯ ᠵᠦᠢᠯ ᠵᠡᠷᠭᠡ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠶᠠᠭᠰᠢ ᠬᠤᠲᠠ ᠶᠢᠨ ᠮᠢᠶᠠᠨ ᠳ᠋ᠦ᠋ ᠾᠧ ᠪᠠᠯᠭᠠᠰᠤ ᠶᠢᠨ ᠲᠥᠪᠯᠡᠷᠡᠭᠦᠯᠦᠨ ᠤᠰᠤ ᠬᠠᠩᠭᠠᠬᠤ ᠴᠡᠭ ᠲᠤ᠂ ᠸᠠᠩ ᠸᠠᠩ ᠱᠧᠩ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠪᠠᠶᠢᠳᠠᠯ ᠪᠣᠯᠤᠨ ᠰᠠᠭᠤᠭᠠᠯᠢ ᠠᠷᠠᠳ ᠤᠨ ᠤᠰᠤ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠨ ᠠᠰᠠᠭᠤᠪᠠ᠃
ᠸᠠᠩ ᠸᠠᠩ ᠱᠧᠩ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠭᠦᠨᠵᠡᠭᠡᠶ ᠪᠠᠬᠢᠵᠢᠭᠦᠯᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠠᠶᠢᠩᠭᠤ ᠪᠥᠭᠡᠳ ᠪᠦᠲᠦᠮᠵᠢᠲᠡᠶ ᠳᠡᠭᠡᠭᠰᠢᠯᠡᠭᠦᠯᠵᠦ᠂ ᠠᠰᠠᠭᠤᠳᠠᠯ ᠳᠠᠬᠢᠨ ᠡᠭᠦᠰᠬᠦ ᠶᠢ ᠡᠷᠡᠰ ᠰᠡᠷᠭᠡᠶᠢᠯᠡᠬᠦ ᠶᠢᠨ ᠬᠠᠮᠲᠤ ᠬᠠᠷᠢᠶ᠎ᠠ ᠭᠠᠵᠠᠷ ᠤᠨ ᠵᠠᠰᠠᠭ ᠤᠨ ᠣᠷᠳᠣᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠵᠤ᠂ ᠤᠰᠤᠨ ᠤ ᠴᠢᠨᠠᠷ ᠢ ᠬᠢᠨᠠᠨ ᠬᠡᠮᠵᠢᠬᠦ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠨᠢᠭᠡ ᠠᠰᠠᠭᠤᠳᠠᠯ ᠢ ᠰᠢᠢᠳᠪᠦᠷᠢᠯᠡᠪᠡᠯ ᠨᠢᠭᠡ ᠪᠦᠯᠦᠭ ᠢ ᠳᠠᠶᠢᠴᠢᠯᠠᠵᠤ᠂ ᠲᠡᠷᠡ ᠬᠡᠰᠡᠭ ᠢᠶᠡᠨ ᠵᠠᠰᠠᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠶᠢ ᠴᠢᠩᠭᠠᠳᠬᠠᠵᠤ᠂ ᠤᠰᠤ ᠶᠢ ᠴᠢᠩᠭ᠎ᠠ ᠬᠠᠮᠢᠶᠠᠷᠬᠤ᠂ ᠤᠰᠤ ᠶᠢ ᠥᠨᠳᠥᠷ ᠪᠦᠲᠦᠮᠵᠢᠲᠡᠶ ᠬᠡᠷᠡᠭᠯᠡᠬᠦ ᠶᠢ ᠳᠡᠭᠡᠭᠰᠢᠯᠡᠭᠦᠯᠵᠦ᠂ ᠤᠰᠤ ᠠᠷᠪᠢᠯᠠᠬᠤ ᠤᠬᠠᠮᠰᠠᠷ ᠢ ᠴᠢᠩᠭᠠᠳᠬᠠᠵᠤ᠂ ᠠᠷᠠᠳ ᠣᠯᠠᠨ ᠢ ᠤᠰᠤ ᠬᠡᠷᠡᠭᠯᠡᠬᠦ ᠳᠤ ᠨᠠᠩ ᠠᠮᠤᠷ ᠲᠦᠪᠰᠢᠨ᠂ ᠨᠠᠩ ᠰᠠᠨᠠᠭ᠎ᠠ ᠠᠮᠤᠷ ᠪᠣᠯᠭᠠᠬᠤ ᠬᠡᠷᠡᠭᠲᠡᠶ᠃ ᠥᠪᠥᠷ ᠮᠣᠩᠭᠤᠯ ᠤᠨ ᠰᠢᠩ ᠵᠢᠶᠠ ᠲᠥᠮᠥᠰᠥ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠸᠠᠩ ᠸᠠᠩ ᠱᠧᠩ ᠪᠤᠶᠢᠵᠢᠭᠤᠯᠬᠤ ᠲᠤᠷᠰᠢᠯᠲᠠ ᠶᠢᠨ ᠲᠠᠰᠤᠭ ᠪᠣᠯᠤᠨ ᠴᠢᠬᠢ ᠰᠠᠭᠤᠯᠭᠠᠬᠤ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠲᠥᠮᠥᠰᠥ ᠶᠢᠨ ᠡᠭᠦᠯᠳᠡᠷ ᠢ ᠰᠤᠳᠤᠯᠤᠨ ᠨᠡᠭᠡᠭᠡᠬᠦ᠂ ᠴᠢᠬᠢ ᠪᠤᠶᠢᠵᠢᠭᠤᠯᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠪᠠᠶᠢᠳᠠᠯ ᠢ ᠣᠶᠢᠯᠠᠭᠠᠪᠠ᠃
ᠸᠠᠩ ᠸᠠᠩ ᠱᠧᠩ᠂ ᠰᠢᠨᠵᠢᠯᠡᠬᠦ ᠤᠬᠠᠭᠠᠨ ᠮᠡᠷᠭᠡᠵᠢᠯ ᠤᠨ《ᠰᠢᠪᠲᠤᠯᠤᠯᠲᠠ ᠶᠢᠨ ᠢᠨᠵᠧᠨᠧᠷᠢᠩ》 ᠢ ᠦᠷᠭᠦᠯᠵᠢᠯᠡᠨ ᠭᠦᠨᠵᠡᠭᠡᠶ ᠠᠬᠢᠭᠤᠯᠵᠤ᠂《ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ》 ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠤᠨ ᠭᠤᠤᠯ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠦᠢᠯᠡᠴᠢᠯᠡᠭᠡᠨ ᠤ ᠠᠭᠤᠯᠭ᠎ᠠ ᠪᠣᠯᠤᠨ ᠠᠷᠭ᠎ᠠ ᠬᠡᠯᠪᠡᠷᠢ ᠶᠢ ᠲᠠᠰᠤᠷᠠᠯᠲᠠ ᠥᠬᠡᠶ ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠴᠢᠨᠠᠷ ᠰᠠᠶᠢᠲᠠᠶ ᠣᠷᠴᠢᠨ ᠲᠣᠭᠤᠷᠢᠨ ᠢ ᠪᠣᠶ ᠪᠣᠯᠭᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠬᠠᠤ ᠳᠤ ᠬᠦᠴᠦᠨ ᠨᠡᠮᠡᠷᠢᠯᠡᠬᠦ ᠬᠡᠷᠡᠭᠲᠡᠶ᠃ ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠸᠠᠩ ᠸᠠᠩ ᠱᠧᠩ ᠶᠠᠭᠰᠢ ᠬᠤᠳᠠ ᠶᠢᠨ ᠬᠤᠶᠠᠳᠤᠭᠠᠷ ᠤᠯᠠᠷᠢᠯ ᠤᠨ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢ ᠰᠣᠨᠣᠰᠴᠤ᠂ ᠬᠠᠷᠠᠯᠲᠠ ᠡᠭᠦᠷᠭᠡ ᠶᠢ ᠴᠢᠩᠭ᠎ᠠ ᠡᠵᠡᠮᠳᠡᠵᠦ᠂ ᠨᠢᠭᠡ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ᠂《ᠵᠢᠷᠭᠤᠭᠠᠨ ᠢᠨᠵᠧᠨᠧᠷᠢᠩ》 ᠢ ᠬᠡᠷᠡᠭᠵᠢᠭᠦᠯᠬᠦ᠂《ᠵᠢᠷᠭᠤᠭᠠᠨ ᠠᠵᠢᠯᠯᠠᠭ᠎ᠠ》ᠵᠢᠴᠢ ᠲᠠᠪᠤᠨ ᠵᠦᠢᠯ ᠤᠨ ᠥᠭᠡᠷᠡᠴᠢᠯᠡᠯᠲᠡ ᠶᠢᠨ ᠰᠡᠳᠦᠪ ᠪᠣᠯᠤᠨ ᠪᠦᠬᠦ ᠬᠦᠷᠢᠶ᠎ᠡ ᠪᠦᠬᠦ ᠡᠯᠧᠮᠧᠨ᠋ᠲ ᠤᠨ ᠵᠢᠭᠰᠠᠭᠠᠨ ᠪᠠᠶᠢᠴᠠᠭᠠᠯᠲᠠ ᠶᠢᠨ ᠦᠷ᠎ᠡ ᠪᠦᠲᠦᠭᠡᠯ ᠤᠨ《ᠬᠤᠶᠠᠷ ᠢ ᠬᠤᠪᠢᠷᠠᠭᠤᠯᠬᠤ》 ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ᠂ ᠰᠣᠶᠣᠯ ᠵᠢᠭᠤᠯᠴᠢᠯᠠᠯ᠂ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠭᠵᠢᠯᠲᠡ ᠶᠢ ᠲᠦᠷᠭᠡᠳᠬᠡᠬᠦ ᠲᠠᠯ᠎ᠠ ᠪᠠᠷ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠪᠣᠳᠠᠲᠤ ᠠᠮᠵᠢᠯᠲᠠ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠲᠠ ᠶᠢᠨ ᠤᠳᠤᠷᠢᠳᠤᠯᠭ᠎ᠠ ᠸᠠᠩ ᠮᠧᠩ᠂ ᠮᠠ ᠶᠤᠸᠠᠢ ᠳ᠋ᠦᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃