ᠵᠤᠬᠢᠶᠠᠭᠴᠢ:
ᠴᠠᠭ:2025-05-14
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ
ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ 2025 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
2025 5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ ᠬᠤᠲᠠ ᠶᠢᠨ ᠵᠠᠰᠠᠭ ᠤᠨ ᠣᠷᠳᠣᠨ ᠤ 2025 ᠣᠨ ᠤ 6 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠨ ᠬᠤᠭᠤᠯᠠᠨ ᠭᠡᠷ ᠲᠤ ᠭᠠᠯ ᠭᠠᠷᠤᠭᠰᠠᠨ ᠪᠠ ᠭᠦᠢᠵᠧᠦ ᠶᠢᠨ ᠪᠢᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠤᠭᠠᠴᠠᠯ ᠤᠨ ᠣᠩᠭᠤᠴᠠ ᠬᠥᠷᠪᠡᠭᠰᠡᠨ ᠠᠳᠡᠯ ᠭᠠᠷᠤᠭᠰᠠᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠭᠦᠨᠵᠡᠭᠡᠶ ᠰᠤᠷᠭᠠᠮᠵᠢ ᠂ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠬᠦ ᠬᠡᠷᠡᠭᠲᠡᠶ᠂ ᠭᠤᠷᠢᠳᠠᠬᠤ ᠪᠤᠳᠦᠯ᠂《ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ 》 ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠬᠢᠬᠦ ᠬᠡᠷᠡᠭᠲᠡᠶ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ᠂《ᠵᠢᠷᠭᠤᠭᠠᠨ ᠢᠨᠵᠧᠨᠧᠷᠢᠩ》 ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠭᠡᠨᠲᠡ ᠲᠣᠭᠲᠠᠭᠠᠭᠰᠠᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠣᠨ ᠤ ᠡᠭᠦᠷᠭᠡ ᠪᠠᠨ ᠲᠦᠷᠭᠡᠳᠬᠡᠨ ᠠᠬᠢᠭᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠬᠦᠴᠦᠯᠡᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠶᠢ ᠦᠨᠡᠨ ᠪᠠᠲᠤᠯᠠᠬᠤ ᠬᠡᠷᠡᠭᠲᠡᠶ᠃ ᠪᠦᠲᠦᠮᠵᠢᠲᠡᠢ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠬᠦᠴᠢᠷᠳᠡᠯᠲᠡᠢ ᠠᠰᠠᠭᠤᠳᠠᠯ ᠢ ᠬᠠᠨᠳᠤᠯᠭᠠᠲᠤ ᠴᠢᠨᠠᠷᠲᠠᠢ ᠪᠠᠷ ᠰᠢᠢᠳᠪᠦᠷᠢᠯᠡᠨ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠠᠭᠠᠭᠤᠯᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠭᠦᠷᠭᠡ ᠶᠢ ᠬᠤᠪᠢᠶᠠᠷᠢᠯᠠᠬᠤ᠂ ᠬᠦᠴᠦᠨ ᠢ ᠬᠤᠪᠢᠶᠠᠷᠢᠯᠠᠬᠤ ᠪᠠ ᠴᠠᠭ ᠤᠨ ᠳᠠᠷᠠᠭᠠᠯᠠᠯ ᠢ ᠲᠤᠬᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠣᠳᠠᠲᠠᠢ ᠠᠵᠢᠯᠯᠠᠵᠤ ᠲᠦᠷᠭᠡᠨ ᠠᠵᠢᠯᠯᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃