ᠵᠤᠬᠢᠶᠠᠭᠴᠢ:
ᠴᠠᠭ:2025-05-14
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ
ᠸᠠᠩ ᠸᠠᠩ ᠱᠧᠩ ᠠᠵᠤ ᠦᠢᠯᠡᠰ ᠤᠨ ᠬᠥᠭᠵᠢᠯᠲᠡ ᠪᠠ ᠠᠮᠢ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
2025 5 ᠰᠠᠷ᠎ᠠ ᠶᠢᠨ 7 8 ᠤ ᠡᠳᠦᠷ ᠪᠤᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠭᠡᠭᠡᠨ ᠭᠤᠣᠯ ᠬᠤᠲᠠ᠂ ᠡᠷᠭᠦᠨ᠎ᠡ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃
ᠬᠥᠯᠥᠨ ᠪᠤᠶᠢᠷ ᠬᠤᠳᠠ ᠶᠢᠨ ᠬᠤᠩ ᠶᠤᠸᠠᠨ ᠬᠡᠭᠡᠷ᠎ᠡ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠸᠠᠩ ᠸᠠᠩ ᠱᠧᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠢᠨ ᠢ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠦᠢᠯᠡᠳᠬᠦᠨ ᠤ ᠪᠦᠲᠦᠴᠡ ᠪᠠᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠢ ᠢᠳᠡᠪᠬᠢᠲᠡᠢ ᠥᠷᠭᠡᠳᠬᠡᠵᠦ᠂ ᠦᠢᠯᠡᠳᠬᠦᠨ ᠤ ᠨᠡᠮᠡᠯᠲᠡ ᠦᠷᠳᠡᠭ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ ᠡᠭᠦᠨ ᠤ ᠬᠠᠮᠲᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠢ ᠦᠢᠯᠡᠴᠢᠯᠡᠭᠡ ᠪᠠᠲᠤᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ ᠱᠠᠭᠠᠷᠳᠠᠯᠭ᠎ᠠ ᠳᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ ᠭᠡᠵᠦ ᠵᠠᠬᠢᠪᠠ᠃
ᠭᠡᠭᠡᠨ ᠭᠤᠤᠯ ᠬᠤᠲᠠ ᠶᠢᠨ ᠣᠯᠭᠤᠶᠠ ᠶᠢᠨ ᠪᠤᠭᠤᠴᠢᠨ ᠠᠶᠢᠮᠠᠭ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠡᠵᠡᠩᠨᠡᠯᠲᠡ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠸᠠᠩ ᠸᠠᠩ ᠱᠧᠩ᠂ ᠵᠣᠨ ᠤ ᠤᠯᠠᠷᠢᠯ ᠤᠨ ᠵᠢᠭᠤᠯᠴᠢᠯᠠᠯ ᠤᠨ ᠴᠠᠭ ᠤᠨ ᠵᠠᠩᠭᠢᠯᠠᠭ᠎ᠠ ᠶᠢ ᠴᠢᠩᠭ᠎ᠠ ᠠᠩᠬᠠᠷᠴᠤ᠂ ᠵᠢᠭᠤᠯᠴᠢᠯᠠᠭᠴᠢᠳ ᠤᠨ ᠪᠡᠶᠡᠴᠢᠯᠡᠨ ᠣᠶᠢᠯᠠᠭᠠᠬᠤ ᠶᠢ ᠳᠡᠭᠡᠭᠰᠢᠯᠡᠭᠦᠯᠬᠦ᠂ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠬᠤ ᠨᠠᠩ ᠣᠯᠠᠨ ᠵᠢᠭᠤᠯᠴᠢᠯᠠᠯ ᠤᠨ ᠨᠡᠷᠡᠳᠬᠦᠨ ᠢ ᠬᠦᠴᠦ ᠪᠠᠨ ᠲᠥᠪᠯᠡᠷᠡᠭᠦᠯᠦᠨ ᠡᠭᠦᠳᠴᠦ᠂ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠵᠦ᠂ ᠵᠢᠭᠤᠯᠴᠢᠯᠠᠯ ᠤᠨ ᠬᠥᠭᠵᠢᠶᠡᠨᠲᠦ ᠤᠯᠠᠷᠢᠯ ᠢ ᠤᠭᠲᠤᠬᠤ ᠭᠦᠢᠴᠡᠳ ᠪᠡᠯᠡᠳᠬᠡᠯ ᠬᠢᠬᠦ ᠬᠡᠷᠡᠭᠲᠡᠶ ᠭᠡᠵᠦ ᠬᠡᠯᠡᠪᠡ᠃
ᠪᠢᠯᠢᠶᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠴᠧᠩ ᠴᠧᠩ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠸᠠᠩ ᠸᠠᠩ ᠱᠧᠩ ᠠᠮᠢ ᠠᠬᠤᠢ ᠶᠢ ᠰᠡᠷᠭᠦᠭᠡᠨ ᠵᠠᠰᠠᠬᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠣᠷᠴᠢᠨ ᠲᠣᠭᠤᠷᠢᠨ ᠤ ᠪᠣᠬᠢᠷᠲᠤᠯ ᠪᠣᠯᠤᠨ ᠠᠮᠤᠷ ᠲᠦᠪᠰᠢᠨ ᠤ ᠭᠡᠮ ᠰᠣᠭᠤᠭ ᠤᠨ ᠲᠡᠦᠬᠡᠨ ᠦᠯᠡᠳᠡᠭᠳᠡᠯ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠬᠥᠭᠵᠢᠭᠦᠯᠬᠦ ᠪᠠ ᠬᠠᠮᠠᠭᠠᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠠᠭᠤᠷᠬᠠᠶ ᠶᠢᠨ ᠬᠤᠳᠳᠤᠭ ᠲᠤ ᠠᠵᠢᠯᠯᠠᠬᠤ ᠠᠮᠤᠷ ᠲᠦᠪᠰᠢᠨ ᠤ ᠬᠠᠮᠠᠭᠠᠯᠠᠯᠲᠠ᠂ ᠣᠨᠴᠠᠭᠠᠶ ᠴᠠᠭ ᠠᠭᠤᠷ ᠢ ᠰᠡᠷᠭᠡᠶᠢᠯᠡᠨ ᠠᠷᠭᠠᠴᠠᠬᠤ ᠵᠡᠷᠭᠡ ᠪᠡᠯᠡᠳᠬᠡᠯ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠡᠯᠡᠳᠬᠡᠯ ᠲᠠᠢ ᠪᠣᠯ ᠪᠠᠯᠢᠳᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠡᠷᠭᠦᠨ᠎ᠡ ᠬᠤᠳᠠ ᠶᠢᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠲᠠᠯᠠᠪᠠᠢ ᠳᠤ᠂ ᠸᠠᠩ ᠸᠠᠩ ᠱᠧᠩ ᠲᠤᠬᠠᠢ ᠶᠢᠨ ᠲᠠᠯᠠᠪᠠᠢ ᠳᠤ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠱᠠᠯᠠᠪᠳᠠᠭᠤᠯᠤᠨ ᠵᠢᠯᠣᠭᠤᠳᠴᠤ᠂ ᠬᠤᠷᠢᠶᠠᠨ ᠵᠥᠭᠡᠭᠡᠪᠦᠷᠢᠯᠡᠬᠦ᠂ ᠰᠢᠢᠳᠪᠦᠷᠢᠯᠡᠬᠦ᠂ ᠬᠢᠨᠠᠨ ᠬᠠᠮᠢᠶᠠᠷᠬᠤ ᠵᠡᠷᠭᠡ ᠭᠤᠭᠴᠤᠭ᠎ᠠ ᠶᠢ ᠴᠢᠩᠭ᠎ᠠ ᠠᠩᠬᠠᠷᠴᠤ᠂ ᠪᠦᠬᠦ ᠬᠡᠯᠬᠢᠶᠡᠨ ᠤ ᠵᠢᠷᠤᠮᠵᠢᠭᠰᠠᠨ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠡᠨᠡ ᠬᠤᠭᠤᠴᠠᠭᠠᠨ ᠳᠤ᠂ ᠸᠠᠩ ᠸᠠᠩ ᠱᠧᠩ ᠬᠤᠶᠠᠷ ᠭᠠᠵᠠᠷ ᠤᠨ《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠠᠭᠠᠰ ᠵᠢᠯ ᠳᠤ《ᠬᠤᠣᠰ ᠳᠠᠪᠠᠯᠲᠠ ᠶᠢ ᠪᠡᠶᠡᠯᠡᠬᠦᠯᠬᠦ》ᠬᠠᠷᠠᠯᠲᠠ ᠶᠢ ᠪᠡᠶᠡᠯᠡᠭᠦᠯᠬᠦ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ ᠠᠵᠢᠯᠯᠠᠭᠠᠨ᠂ ᠲᠡᠰ ᠳᠡᠪᠰᠢᠭᠦᠯᠦᠨ ᠨᠢᠭᠡᠳᠦᠯᠲᠡᠢ ᠲᠥᠯᠥᠪᠵᠢᠭᠦᠯᠬᠦ ᠵᠡᠷᠭᠡ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠵᠡᠢ᠃