ᠵᠤᠬᠢᠶᠠᠭᠴᠢ:
ᠴᠠᠭ:2025-05-14
ᠥᠵᠡᠭᠰᠡᠨ : ℃
ᠢᠷᠡᠯᠲᠡ: ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ
ᠸᠠᠩ ᠸᠠᠩ ᠱᠧᠩ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
2025 5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠨᠡᠬᠡᠨ ᠪᠠᠷᠠᠭᠤᠨ ᠰᠤᠮᠤ ᠶᠢᠨ ᠪᠠᠶᠠᠨᠬᠤᠰᠢᠭᠤ ᠭᠠᠴᠠᠭ᠎ᠠ ᠳᠤ᠂ ᠸᠠᠩ ᠸᠠᠩ ᠱᠧᠩ《ᠭᠤᠷᠪᠠ ᠶᠢ ᠬᠤᠪᠢᠷᠠᠭᠤᠯᠬᠤ》ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰᠬᠤᠨ ᠪᠠ ᠠᠵᠤ ᠠᠬᠤᠶᠢᠯᠠᠯ ᠤᠨ ᠬᠠᠮᠲᠤᠷᠠᠯᠴᠠᠨ ᠡᠵᠡᠩᠨᠡᠬᠦ ᠵᠠᠭᠪᠤᠷ ᠢ ᠣᠶᠢᠯᠠᠭᠠᠪᠠ᠃
ᠸᠠᠩ ᠸᠠᠩ ᠱᠧᠩ᠂ ᠣᠷᠣᠨ ᠨᠤᠲᠤᠭ ᠤᠨ ᠵᠠᠰᠠᠭ ᠤᠨ ᠣᠷᠳᠣᠨ ᠭᠤᠣᠯ ᠤᠳᠤᠷᠢᠳᠤᠮᠵᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠲᠤᠷᠰᠢᠯᠲᠠ ᠶᠢᠨ ᠭᠠᠴᠠᠭ᠎ᠠ ᠪᠣᠯᠤᠨ ᠬᠤᠯᠪᠣᠭᠳᠠᠯ ᠪᠦᠬᠦᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠠᠬᠢ ᠬᠦᠴᠢᠷᠳᠡᠯ ᠪᠣᠯᠤᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠣᠯᠤᠨ ᠨᠢᠭᠡᠳᠦᠯᠲᠡᠢ ᠬᠤᠳᠠᠯᠳᠤᠨ ᠠᠪᠴᠤ ᠨᠢᠭᠡᠳᠦᠯᠲᠡᠢ ᠪᠣᠷᠣᠯᠠᠭᠤᠯᠬᠤ ᠭᠤᠭᠴᠤᠭ᠎ᠠ ᠳᠠᠬᠢ ᠲᠠᠰᠤᠯᠳᠠᠯ ᠴᠡᠭ ᠪᠣᠯᠤᠨ ᠲᠦᠭᠵᠢᠷᠡᠯ ᠢ ᠨᠢᠭᠡᠳ ᠨᠢᠭᠡ ᠪᠠᠷ ᠨᠡᠪᠲᠡᠷᠡᠭᠦᠯᠵᠦ᠂ ᠪᠦᠬᠦ ᠶᠠᠪᠤᠴᠠ ᠶᠢ ᠮᠥᠷᠳᠡᠬᠦ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠵᠢᠷᠤᠮᠵᠢᠭᠰᠠᠨ᠂ ᠪᠠᠷᠢᠮᠵᠢᠶᠠᠵᠢᠭᠰᠠᠨ᠂ ᠡᠷᠴᠢᠮᠵᠢᠭᠰᠡᠨ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠡᠯᠬᠢᠶ᠎ᠡ ᠪᠠᠷ ᠲᠥᠯᠥᠪᠵᠢᠭᠦᠯᠦᠨ ᠠᠬᠢᠭᠤᠯᠵᠤ᠂ ᠡᠮᠦᠨ᠎ᠡ᠂ ᠳᠤᠮᠳᠠ᠂ ᠬᠤᠶᠢᠨᠠᠬᠢ 《ᠭᠤᠷᠪᠠᠨ ᠦᠵᠦᠭᠦᠷ》 ᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠵᠤ᠂《ᠠᠮᠤ ᠪᠤᠳᠠᠭᠠᠨ ᠤ ᠦᠢᠯᠡᠳᠪᠦᠷᠢᠯᠡᠯ ᠢᠶᠠᠷ ᠲᠦᠷᠦᠭᠦᠯᠡᠭᠦᠯᠵᠦ᠂ ᠢᠳᠡᠭᠡᠨ ᠤ ᠪᠤᠯᠪᠠᠰᠤᠷᠠᠭᠤᠯᠤᠯᠳᠠ ᠪᠠᠷ ᠬᠠᠪᠰᠤᠷᠭᠠᠬᠤ》 《ᠮᠠᠯ ᠠᠵᠤ ᠠᠬᠤᠢ ᠪᠠᠷ ᠲᠦᠷᠦᠭᠦᠯᠡᠭᠦᠯᠵᠦ᠂ ᠤᠯᠠᠭᠠᠨ ᠢᠳᠡᠭᠡᠨ ᠤ ᠡᠳ᠋ᠰᠢᠭᠦᠯᠦᠯᠳᠡ ᠪᠠᠷ ᠬᠠᠪᠰᠤᠷᠭᠠᠬᠤ》《ᠲᠠᠷᠢᠶᠠᠯᠠᠩ ᠤᠨ ᠦᠢᠯᠡᠳᠪᠦᠷᠢᠯᠡᠯ ᠢᠶᠠᠷ ᠲᠦᠷᠦᠭᠦᠯᠡᠭᠦᠯᠵᠦ᠂ ᠠᠵᠤ ᠦᠢᠯᠡᠳᠪᠦᠷᠢ ᠪᠠᠷ ᠬᠠᠪᠰᠤᠷᠭᠠᠬᠤ》ᠠᠵᠢᠯ ᠢ ᠭᠦᠢᠴᠡᠳ ᠰᠠᠶᠢᠲᠤᠷ ᠬᠢᠵᠦ᠂ ᠦᠷ᠎ᠡ ᠠᠰᠢᠭ ᠦᠢᠯᠡᠳᠬᠦᠨ ᠤ ᠦᠷᠳᠡᠭ ᠢ ᠬᠠᠮᠤᠭ ᠤᠨ ᠶᠡᠭᠡ ᠪᠣᠯᠭᠠᠵᠤ᠂ ᠨᠡᠩ ᠤᠯᠠᠨ ᠮᠠᠯᠴᠢᠳ ᠲᠤ ᠠᠰᠢᠭ ᠬᠦᠷᠲᠡᠭᠡᠬᠦ ᠬᠡᠷᠡᠭᠲᠡᠢ ᠭᠡᠵᠡᠢ᠃
ᠸᠠᠩ ᠸᠠᠩ ᠱᠧᠩ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠬᠤᠸᠠ ᠨᠧᠩ ᠥᠪᠥᠷ ᠮᠣᠩᠭᠤᠯ ᠤᠨ ᠵᠡᠭᠦᠨ ᠬᠡᠰᠡᠭ ᠤᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠱᠤ᠋ ᠰᠢᠤᠸᠠᠢ ᠲᠠᠢ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃
ᠸᠠᠩ ᠸᠠᠩ ᠱᠧᠩ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠣᠷᠣᠨ ᠨᠤᠲᠤᠭ ᠤᠨ ᠠᠵᠤ ᠠᠬᠤᠢ ᠬᠠᠷᠢᠯᠴᠠᠨ ᠨᠥᠬᠦᠴᠡᠯᠳᠦᠵᠦ᠂ ᠬᠠᠷᠢᠯᠴᠠᠨ ᠲᠤᠯᠭᠠᠭᠤᠷᠢᠯᠠᠵᠤ ᠪᠠᠶᠢᠳᠠᠭ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠤᠯᠠᠨ ᠤ ᠤᠶᠤᠨ ᠤᠬᠠᠭᠠᠨ ᠬᠠᠮᠲᠤ ᠶᠢᠨ ᠬᠦᠴᠦ ᠪᠠᠷ ᠲᠤᠯᠭᠠᠷᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠬᠠᠮᠲᠤ ᠪᠠᠷ ᠠᠬᠢᠭᠤᠯᠤᠶ᠎ᠠ᠃ ᠨᠡᠭᠦᠷᠡᠰᠦ᠂ ᠴᠠᠬᠢᠯᠭᠠᠨ ᠬᠦᠴᠦ᠂ ᠰᠢᠨ᠎ᠡ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ ᠬᠠᠮᠵᠢᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠷᠭᠡᠳᠬᠡᠨ ᠠᠬᠢᠭᠤᠯᠵᠤ᠂ ᠨᠡᠩ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠶ᠎ᠡ ᠭᠡᠵᠡᠢ᠃
ᠪᠠᠶᠢᠴᠠᠭᠠᠨ ᠰᠤᠳᠤᠯᠤᠯᠲᠠ ᠶᠢᠨ ᠳᠤᠮᠳᠠ᠂ ᠸᠠᠩ ᠸᠠᠩ ᠱᠧᠩ ᠲᠤᠬᠠᠶ ᠶᠢᠨ ᠭᠠᠵᠠᠷ ᠤᠨ ᠠᠵᠤ ᠠᠬᠤᠶ ᠶᠢᠨ ᠠᠵᠢᠯᠯᠠᠭᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠪᠣᠯᠤᠨ ᠬᠡᠷ ᠪᠠᠶᠢᠰᠢᠩ ᠤᠨ ᠲᠣᠭᠤᠷᠢᠭ ᠤᠨ ᠥᠭᠡᠷᠡᠴᠢᠯᠡᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠢ ᠪᠠᠬᠢᠵᠢᠭᠦᠯᠵᠦ᠂ ᠦᠢᠯᠡᠴᠢᠯᠡᠭᠡᠨ ᠤ ᠦᠢᠯᠡᠰ ᠪᠣᠯᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠬᠡᠮᠵᠢᠶᠡᠨ ᠤ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠬᠤ ᠪᠠ ᠲᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠶ ᠲᠥᠯᠥᠪᠵᠢᠭᠦᠯᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠬᠤᠳᠠ ᠶᠢᠨ ᠰᠢᠨᠡᠴᠢᠯᠡᠯᠲᠡ᠂ ᠪᠠᠶᠢᠰᠢᠩ ᠭᠡᠷ ᠤᠨ ᠲᠣᠭᠤᠷᠢᠭ ᠤᠨ ᠥᠭᠡᠷᠡᠴᠢᠯᠡᠯᠲᠡ ᠲᠠᠢ ᠣᠷᠭᠠᠨᠢᠭ ᠢᠶᠠᠷ ᠤᠶᠠᠯᠳᠤᠭᠤᠯᠵᠤ᠂ ᠤᠨᠴᠠᠯᠢᠬᠳᠤ ᠠᠷᠠᠳ ᠤᠨ ᠣᠷᠣᠨ ᠰᠠᠭᠤᠴᠠ ᠶᠢ ᠴᠣᠭᠴᠠᠯᠠᠬᠤ᠂ ᠰᠤᠯᠠ ᠪᠠᠶᠢᠭ᠎ᠠ ᠭᠠᠵᠠᠷ ᠰᠢᠷᠣᠢ ᠶᠢ ᠭᠦᠢᠯᠭᠡᠭᠡᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠭᠠᠵᠠᠷ ᠣᠷᠣᠨ ᠤ ᠬᠥᠭᠵᠢᠯᠲᠡ ᠳᠤ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃