ᠵᠤᠬᠢᠶᠠᠭᠴᠢ:
ᠴᠠᠭ:2025-06-25
ᠥᠵᠡᠭᠰᠡᠨ : ℃
ᠢᠷᠡᠯᠲᠡ: ᠬᠥᠯᠥᠨ ᠪᠣᠢᠷ ᠬᠤᠲᠠ ᠶ᠋ᠢᠨ ᠠᠷᠠᠳ ᠤᠨ ᠣᠷᠳᠣᠨ ᠤᠨ ᠮᠤᠩᠭᠤᠯ ᠰᠦᠯᠵᠢᠶ᠎ᠡ
ᠬᠥᠯᠥᠨ ᠪᠤᠢᠷ ᠬᠤᠲᠠ ᠵᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠯᠠᠩ ᠤᠨ ᠣᠨᠣᠯ ᠰᠤᠷᠤᠯᠴᠠᠬᠤ ᠭᠤᠤᠯ ᠲᠤᠭᠤᠢᠯᠠᠩ 2025 ᠤᠨ ᠤ 6 ᠳ᠋ᠤᠭᠠᠷ ᠤᠳᠠᠭᠠᠨ ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
2025 6 ᠳ᠋ᠤᠭᠠᠷ ᠰᠠᠷ᠎ᠠ ᠵᠢᠨ 16 ᠤ ᠡᠳᠦᠷ᠂ ᠬᠤᠲᠠ ᠵᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠯᠠᠩ ᠤᠨ ᠣᠨᠣᠯ ᠰᠤᠷᠤᠯᠴᠠᠬᠤ ᠭᠤᠣᠯ ᠲᠤᠭᠤᠢᠯᠠᠩ 2025 ᠤᠨ ᠤ 6 ᠳ᠋ᠤᠭᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠵᠤ᠂ ᠲᠤᠭᠲᠠᠭᠠᠯ ᠡᠴᠡ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠶ ᠲᠥᠪ ᠪᠠ ᠥᠪᠡᠷᠲᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ ᠬᠤᠷᠠᠯ ᠵᠢᠴᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ ᠂ ᠬᠠᠮᠢᠶ᠎ᠠ ᠪᠦᠬᠦᠢ ᠭᠤᠣᠯ ᠰᠡᠳᠦᠪ ᠤᠨ ᠲᠣᠭᠤᠷᠢᠨ ᠳᠤ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠪᠠ᠃
ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ᠂ ᠬᠤᠲᠠ ᠵᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠵᠢᠢ ᠶᠦᠩ ᠴᠢᠶᠠᠨ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ ᠭᠤᠤᠯ ᠲᠤᠭᠤᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠠ ᠠᠵᠢᠯ ᠤᠨ ᠪᠤᠲᠠᠲᠤ ᠪᠠᠢᠳᠠᠯ ᠲᠠᠢ ᠪᠡᠨ ᠤᠶᠠᠯᠳᠤᠭᠤᠯᠤᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃
ᠬᠤᠷᠠᠯ ᠡᠴᠡ᠂ ᠲᠤᠭᠲᠠᠭᠠᠯ ᠡᠴᠡ ᠵᠥᠷᠢᠴᠡᠨ ᠢᠳᠡᠵᠦ ᠤᠤᠭᠤᠬᠤ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠣᠯ ᠲᠥᠪ ᠤᠨ ᠵᠤᠷᠪᠤᠰ ᠲᠤᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠦᠮᠦᠵᠢᠯ ᠤᠨ ᠴᠢᠬᠤᠯᠠ ᠡᠭᠦᠷᠭᠡ ᠮᠥᠨ᠂ ᠶᠡᠷᠦᠩᠬᠡᠶ ᠱᠦᠵᠢ ᠰᠢ ᠵᠢᠨ ᠫᠢᠩ ᠤᠨ ᠨᠠᠮ ᠤᠨ ᠰᠤᠷᠲᠠᠯ ᠤᠨ ᠪᠠᠢᠭᠤᠯᠤᠯᠲᠠ ᠵᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠯᠠᠪᠳᠠᠭᠤᠨ ᠪᠠᠲᠤᠲᠠᠶ ᠬᠡᠷᠡᠭᠵᠢᠭᠦᠯᠵᠦ᠂ ᠲᠤᠭᠲᠠᠭᠠᠯ ᠡᠴᠡ ᠵᠥᠷᠢᠴᠡᠨ ᠢᠳᠡᠵᠦ ᠤᠤᠭᠤᠬᠤ ᠬᠦᠨᠳᠦ ᠨᠣᠴᠢᠲᠠᠶ ᠤᠯᠤᠰ ᠲᠥᠷᠥ ᠵᠢᠨ ᠬᠤᠤᠷ ᠬᠥᠨᠥᠭᠡᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢ᠍ᠳᠪᠦᠷᠢᠲᠦ ᠪᠣᠳᠣᠯᠭ᠎ᠠ ᠵᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠲᠠ ᠵᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ᠌ ᠨᠢᠭᠡᠳᠬᠡᠵᠦ᠂ ᠥᠴᠦᠬᠡᠨ ᠴᠦ᠍ ᠠᠭᠤᠴᠢᠯᠠᠬᠤ ᠥᠬᠡᠶ ᠣᠪᠣᠷ ᠵᠶ᠋ᠠᠷ ᠲᠤᠭᠲᠠᠭᠠᠯ ᠡᠴᠡ ᠵᠥᠷᠢᠴᠡᠨ ᠢᠳᠡᠵᠦ ᠤᠤᠭᠤᠬᠤ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠶ᠃ ᠵᠠᠰᠠᠭ ᠤᠨ ᠤᠷᠳᠤᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠤᠯᠤᠰ ᠲᠦᠷᠦ ᠵᠢᠨ ᠬᠠᠷᠢᠭᠤᠴᠠᠯᠭ᠎ᠠ ᠪᠠᠨ ᠡᠷᠡᠰ ᠭᠤᠢᠪᠢᠰᠢ ᠦᠭᠡᠢ ᠡᠭᠦᠷᠭᠡᠯᠡᠵᠦ᠂ ᠭᠤᠣᠯᠳᠠᠯᠭᠠᠲᠠᠢ ᠴᠡᠭᠴᠡᠯᠡᠨ ᠵᠠᠰᠠᠬᠤ ᠡᠭᠦᠷᠭᠡ ᠲᠠᠢ ᠴᠢᠩᠭ᠎ᠠ ᠬᠠᠷᠢᠴᠠᠭᠤᠯᠤᠨ ᠦᠪᠡᠷ ᠢ ᠪᠡᠨ ᠪᠠᠢᠴᠠᠭᠠᠵᠤ ᠦᠪᠡᠷ ᠢ ᠪᠡᠨ ᠵᠠᠯᠠᠷᠠᠭᠤᠯᠬᠤ ᠵᠢ ᠥᠷᠨᠢᠭᠦᠯᠵᠦ᠂ ᠲᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠢᠴᠠᠭᠠᠬᠤ ᠪᠡᠨ ᠴᠢᠩᠭᠠᠳᠬᠠᠵᠤ᠂《ᠬᠠᠷᠢᠯᠴᠠᠨ ᠬᠤᠭᠤᠷᠤᠨᠳᠤ ᠪᠠᠨ ᠢᠳᠡᠵᠦ᠍ ᠤᠤᠭᠤᠬᠤ》《 ᠠᠵᠤ ᠠᠬᠣᠢᠯᠠᠯᠲᠠᠨ ᠤ ᠵᠠᠷᠤᠳᠠᠯ ᠵᠢᠡᠷ ᠢᠳᠡᠵᠦ᠍ ᠤᠤᠭᠤᠬᠤ》《ᠲᠤᠤᠷ᠎ᠠ ᠱᠠᠲᠤᠨ ᠤ ᠬᠢ ᠪᠡᠨ ᠢᠳᠡᠵᠦ᠍ ᠤᠤᠭᠤᠬᠤ》ᠵᠡᠷᠭᠡ ᠠᠵᠢᠯᠯᠠᠭ᠎ᠠ ᠵᠢ ᠴᠢᠩᠭ᠎ᠠ ᠴᠡᠭᠴᠡᠯᠡᠨ ᠵᠠᠰᠠᠵᠤ᠂ ᠠᠵᠢᠯ ᠤᠨ ᠰᠤᠷᠲᠠᠯ ᠵᠶ᠋ᠠᠨ ᠴᠢᠨᠠᠭᠰᠢᠳᠠ ᠬᠤᠪᠢᠷᠠᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠰᠠᠨᠠᠭ᠋ᠠᠴᠢᠯᠠᠭᠠ ᠡᠴᠡ ᠪᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢ᠍ᠳᠪᠦᠷᠢᠯᠡᠵᠦ ᠥᠭᠬᠦ ᠬᠡᠷᠡᠭᠲᠡᠢ᠃ ᠨᠢᠭᠡ ᠲᠠᠯ᠎ᠠ ᠪᠠᠷ ᠰᠤᠷᠲᠠᠯ ᠢ ᠠᠳᠬᠤᠵᠤ᠂ ᠨᠢᠭᠡ ᠲᠠᠯ᠎ᠠ ᠪᠠᠷ ᠬᠥᠭᠵᠢᠯᠲᠡ ᠵᠢ ᠠᠳᠬᠤᠵᠤ᠂ ᠠᠵᠤ ᠠᠬᠤᠢ ᠵᠢᠨ ᠠᠵᠢᠯᠯᠠᠭ᠎ᠠ᠂ ᠠᠶᠤᠯ ᠦᠭᠡᠢ ᠦᠢ᠍ᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ᠂ ᠤᠢ ᠰᠢᠭᠤᠢ ᠲᠠᠷᠢᠶᠠᠨ ᠭᠠᠵᠠᠷ ᠤᠨ ᠵᠦᠷᠢᠴᠡᠯ ᠢ ᠨᠠᠮᠳᠠᠭᠤᠯᠬᠤ᠂ ᠲᠥᠪ ᠤᠨ ᠲᠣᠭᠤᠷᠢᠨ ᠪᠠᠢᠴᠠᠭᠠᠬᠤ ᠪᠠ ᠣᠷᠴᠢᠨ ᠲᠤᠭᠤᠷᠢᠨ ᠤ ᠬᠠᠮᠠᠭᠠᠯᠠᠯᠲᠠ ᠵᠢ ᠱᠠᠯᠠᠪᠳᠠᠭᠤᠯᠤᠨ ᠪᠠᠢᠴᠠᠭᠠᠵᠤ ᠲᠤᠰᠢᠶᠠᠨ ᠥᠭᠴᠦ ᠰᠢᠢ᠍ᠳᠪᠦᠷᠢᠯᠡᠭᠦᠯᠬᠦ ᠵᠦᠢᠯᠡᠰ ᠢ ᠰᠢᠢ᠍ᠳᠪᠦᠷᠢᠯᠡᠬᠦ ᠵᠡᠷᠭᠡ ᠭᠤᠣᠯᠳᠠᠯᠭᠠᠲᠠᠢ ᠠᠵᠢᠯ ᠢ ᠰᠠᠢᠲᠤᠷ ᠨᠢᠭᠡᠳᠦᠯᠲᠡᠢ ᠲᠥᠯᠥᠪᠵᠢᠭᠦᠯᠵᠦ᠂ ᠰᠤᠷᠲᠠᠯ ᠤᠨ ᠪᠠᠢᠭᠤᠯᠤᠯᠲᠠ ᠵᠢᠨ ᠰᠢᠨ᠎ᠡ ᠦᠷ᠎ᠡ ᠪᠦᠲᠦᠮᠵᠢ ᠪᠠᠷ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠪᠠᠢᠳᠠᠯ ᠢ ᠡᠭᠦᠳᠬᠦ ᠬᠡᠷᠡᠭᠲᠡᠢ ᠭᠡᠵᠦ᠍ ᠴᠢᠬᠤᠯᠠᠴᠢᠯᠠᠪᠠ᠃