ᠵᠤᠬᠢᠶᠠᠭᠴᠢ:
ᠴᠠᠭ:2025-07-04
ᠥᠵᠡᠭᠰᠡᠨ : ℃
ᠢᠷᠡᠯᠲᠡ: ᠬᠥᠯᠥᠨ ᠪᠣᠢᠷ ᠬᠤᠲᠠ ᠣᠷᠳᠣᠨ
ᠬᠤᠲᠠ ᠵᠢᠨ ᠤᠳᠤᠷᠢᠳᠬᠤ 2025 10 ᠬᠤᠷᠠᠯ ᠬᠤᠷᠠᠯᠳᠤᠭᠤᠯᠪᠠ
2025 7 ᠰᠠᠷ᠎ᠠ ᠵᠢᠨ 1 ᠡᠳᠦᠷ᠂ ᠬᠤᠲᠠ ᠵᠢᠨ ᠳᠡᠳ᠋ ᠱᠦᠵᠢ᠂ ᠬᠤᠲᠠ ᠵᠢᠨ ᠳᠠᠷᠤᠭ᠎ᠠ᠂ ᠬᠤᠲᠠ ᠵᠢᠨ ᠤᠳᠤᠷᠢᠳᠬᠤ ᠱᠦᠵᠢ ᠵᠢᠢ ᠶᠦᠩ ᠴᠢᠶᠠᠨ ᠬᠤᠲᠠ ᠵᠢᠨ ᠤᠳᠤᠷᠢᠳᠬᠤ 2025 10 ᠡᠷᠭᠢᠯᠡᠨ ᠬᠤᠷᠠᠯᠳᠤᠭᠤᠯᠵᠤ᠂ ᠬᠡᠰᠡᠭ ᠮᠤᠵᠢ ᠣᠷᠣᠨ ᠬᠤᠲᠠ ᠵᠢᠨ《ᠠᠷᠪᠠᠨ ᠲᠠᠪᠤᠨ ᠵᠢᠯ》 ᠦᠨ ᠠᠵᠤ ᠠᠬᠤᠶ ᠬᠥᠭᠵᠢᠯᠲᠡ ᠵᠢᠨ ᠶᠠᠷᠢᠯᠴᠠᠬᠤ ᠬᠤᠷᠠᠯ ᠳᠡᠭᠡᠷᠡᠬᠢ ᠶᠡᠷᠦᠩᠬᠡᠶ ᠱᠦᠵᠢ ᠰᠢ ᠵᠢᠨ ᠫᠢᠩ ᠴᠢᠬᠤᠯᠠ ᠵᠣᠷᠢᠭ ᠰᠠᠨᠠᠭ᠎ᠠ ᠪᠣᠯᠤᠨ 《ᠠᠷᠪᠠᠨ ᠲᠠᠪᠤᠨ ᠵᠢᠯ》 ᠲᠥᠯᠥᠪᠵᠢᠭᠦᠯᠭᠡ ᠵᠢ ᠵᠣᠬᠢᠶᠠᠬᠤ ᠲᠤᠬᠠᠶ ᠴᠢᠬᠤᠯᠠ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠣᠬᠢᠷᠠᠭᠤᠯᠤᠨ
ᠬᠤᠷᠠᠯ᠂ 《ᠠᠷᠪᠠᠨ ᠲᠠᠪᠤᠨ ᠵᠢᠯ》 ᠱᠠᠳᠤ ᠦᠶ᠎ᠡ ᠶᠢᠨ ᠴᠢᠨᠠᠷᠲᠠᠢ ᠵᠢ ᠣᠨᠣᠪᠴᠢᠲᠠᠢ ᠡᠵᠡᠮᠳᠡᠵᠦ᠂ ᠬᠥᠭᠵᠢᠯᠲᠡ ᠵᠢ ᠪᠦᠬᠦ ᠤᠯᠤᠰ᠂ ᠪᠦᠬᠦ ᠶᠡᠭᠡ ᠲᠠᠯᠪᠢᠵᠤ᠂ ᠲᠤᠰ ᠪᠡᠶ᠎ᠡ ᠡᠬᠢ ᠳᠠᠪᠠᠭᠤᠯᠢᠭ ᠪᠣᠯᠤᠨ ᠬᠠᠷᠢᠴᠠᠭᠤᠯᠤᠭᠰᠠᠨ ᠰᠠᠭᠤᠷᠢᠯᠠᠵᠤ᠂ 《ᠠᠷᠪᠠᠨ ᠲᠠᠪᠤᠨ ᠵᠢᠯ》 ᠠᠵᠤ ᠠᠬᠤᠢ ᠬᠥᠭᠵᠢᠯᠲᠡ ᠵᠢ ᠰᠢᠨᠵᠢᠯᠡᠬᠦ ᠲᠥᠯᠥᠪᠵᠢᠭᠦᠯᠬᠦ ᠬᠡᠷᠡᠭᠲᠡᠢ᠃ ᠭᠠᠵᠠᠷ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ ᠬᠥᠭᠵᠢᠭᠦᠯᠬᠦ ᠪᠤᠳᠤᠯᠭ᠎ᠠ ᠲᠠᠯᠪᠢᠵᠤ᠂ ᠰᠢᠨᠵᠢᠯᠡᠬᠦ ᠮᠡᠷᠭᠡᠵᠢᠯ ᠵᠶ᠋ᠠᠷ ᠮᠠᠯ ᠠᠵᠤ ᠠᠬᠤᠢ ᠲᠠᠷᠢᠶᠠᠯᠠᠩ ᠂ ᠤᠶᠤᠨᠴᠢᠯᠠᠬᠰᠠᠨ ᠲᠡᠰ ᠲᠠᠪᠰᠢᠯᠳᠠ ᠵᠢ ᠠᠬᠢᠭᠤᠯᠵᠤ᠂ ᠨᠡᠭᠦᠷᠡᠰᠦ ᠪᠣᠯᠤᠨ ᠰᠢᠨ᠎ᠡ ᠡᠨᠧᠷᠭᠢ ᠵᠢ ᠰᠢᠯᠢᠳᠡᠭᠵᠢᠭᠦᠯᠦᠨ ᠵᠣᠬᠢᠶᠠᠨ ᠂ ᠥᠨᠳᠥᠷ ᠪᠦᠲᠦᠮᠵᠢᠲᠡᠢ ᠠᠰᠢᠭᠯᠠᠬᠤ ᠵᠢ ᠠᠬᠢᠭᠤᠯᠵᠤ᠂ ᠠᠮᠢ ᠠᠬᠤᠢ ᠵᠢᠨ ᠡᠬᠢ ᠲᠦᠰᠢᠭᠯᠡᠨ ᠠᠮᠢ ᠠᠬᠤᠢ ᠵᠢᠨ ᠵᠢᠭᠤᠯᠴᠢᠯᠠᠯ᠂ ᠮᠥᠰᠥ ᠠᠵᠤ ᠠᠬᠤᠢ᠂ ᠤᠢ ᠰᠢᠭᠤᠢ ᠵᠢᠨ ᠡᠷᠡᠭᠦᠯᠵᠢᠯ ᠰᠤᠪᠢᠯᠠᠯᠲᠠ ᠵᠡᠷᠭᠡ ᠪᠣᠬᠢᠷᠲᠤᠯ ᠦᠭᠡᠢ ᠠᠵᠤ ᠦᠢ᠍ᠯᠡᠰ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢ᠍ᠯᠡᠰ ᠲᠣᠭᠲᠠᠯᠴᠠᠭ᠎ᠠ ᠶᠢ ᠬᠦᠴᠦᠯᠡᠨ ᠬᠡᠷᠡᠭᠲᠡᠢ᠃ ᠠᠷᠠᠳ ᠪᠤᠶᠠᠨ ᠦᠢ᠍ᠯᠡᠳᠬᠦ ᠵᠢ ᠦᠨᠳᠦᠰᠦᠨ ᠬᠠᠨᠳᠤᠰᠢ ᠂ ᠠᠷᠠᠳ ᠠᠮᠢᠳᠤᠷᠠᠯ ᠨᠡᠩ ᠤᠯᠠᠨ ᠪᠣᠳᠠᠲᠤ ᠶᠠᠪᠤᠳᠠᠯ ᠲᠥᠯᠥᠪᠵᠢᠭᠦᠯᠵᠦ᠂ ᠬᠤᠳᠠ ᠬᠥᠳᠡᠭᠡ ᠵᠢᠨ ᠤᠯᠠᠨ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠵᠦ᠂ ᠬᠥᠳᠡᠭᠡ ᠲᠣᠰᠬᠤᠨ ᠪᠦᠬᠦ ᠲᠠᠯ᠎ᠠ ᠬᠥᠭᠵᠢᠭᠦᠯᠦᠨ ᠮᠠᠨᠳᠤᠭᠤᠯᠬᠤ ᠪᠠ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠨᠡᠩ ᠠᠬᠢᠭᠤᠯᠬᠤ ᠬᠡᠷᠡᠭᠲᠡᠢ᠃ ᠬᠠᠮᠲᠤ ᠵᠢᠨ ᠬᠦᠴᠦᠨ ᠪᠠᠷᠢᠮᠲᠠᠯᠠᠵᠤ᠂ ᠳᠡᠭᠡᠳᠦ ᠬᠡᠮᠵᠢᠶ᠎ᠡ ᠵᠢ ᠂ ᠰᠤᠳᠤᠯᠵᠤ ᠨᠤᠲᠠᠯᠠᠬᠤ ᠵᠢ ᠂《ᠠᠷᠪᠠᠨ ᠲᠠᠪᠤᠨ ᠵᠢᠯ》 ᠲᠥᠯᠥᠪᠵᠢᠭᠦᠯᠭᠡ ᠵᠢ ᠴᠢᠨᠠᠷ ᠵᠣᠬᠢᠶᠠᠬᠤ ᠬᠦᠴᠦᠷᠬᠡᠭ ᠶᠡᠭᠡ ᠬᠠᠮᠲᠤᠷᠠᠯ ᠪᠦᠷᠢᠯᠳᠦᠭᠦᠯᠬᠦ ᠬᠡᠷᠡᠭᠲᠡᠢ ᠭᠡᠵᠦ᠍ ᠴᠢᠬᠤᠯᠠᠴᠢᠯᠠᠪᠠ᠃