ᠵᠤᠬᠢᠶᠠᠭᠴᠢ:
ᠴᠠᠭ:2025-07-04
ᠥᠵᠡᠭᠰᠡᠨ : ℃
ᠢᠷᠡᠯᠲᠡ: ᠬᠥᠯᠥᠨ ᠪᠣᠢᠷ ᠬᠤᠲᠠ ᠣᠷᠳᠣᠨ
ᠸᠠᠩ ᠸᠠᠩ ᠱᠧᠩ ᠮᠠᠨᠵᠤᠤᠷ ᠰᠠᠭᠤᠭ᠎ᠠ ᠮᠣᠩᠭᠤᠯ ᠺᠤᠨᠰᠦ᠋ᠯ ᠵᠤᠯᠵᠠᠶᠠᠭ᠎ᠠ ᠲᠠᠢ ᠠᠭᠤᠯᠵᠠᠪᠠ
2025 6 ᠰᠠᠷ᠎ᠠ ᠵᠢᠨ 30 ᠡᠳᠦᠷ᠂ ᠬᠤᠲᠠ ᠵᠢᠨ ᠬᠤᠷᠢᠶᠠᠨ ᠱᠦᠵᠢ ᠸᠠᠩ ᠸᠠᠩ ᠱᠧᠩ ᠮᠣᠩᠭᠤᠯ ᠮᠠᠨᠵᠤᠤᠷ ᠰᠠᠭᠤᠭ᠎ᠠ ᠺᠤᠨᠰᠦ᠋ᠯ ᠵᠤᠯᠵᠠᠶᠠᠭ᠎ᠠ ᠲᠠᠢ ᠠᠭᠤᠯᠵᠠᠪᠠ᠃
ᠸᠠᠩ ᠸᠠᠩ ᠱᠧᠩ ᠵᠤᠯᠵᠠᠶᠠᠭ᠎ᠠ ᠨᠠᠷ ᠪᠠᠶᠠᠷᠯᠠᠨ ᠤᠭᠲᠤᠵᠤ ᠪᠠᠨ ᠢᠯᠡᠳᠬᠡᠬᠦ ᠵᠢᠨ ᠬᠠᠮᠲᠤ ᠳᠤᠮᠳᠠᠳᠤ ᠭᠠᠵᠠᠷ ᠬᠤᠭᠤᠷᠣᠨᠳᠣᠬᠢ ᠠᠬᠢᠭᠤᠯᠤᠨ ᠲᠠᠨᠢᠯᠴᠠᠭᠤᠯᠪᠠ᠃ ᠲᠡᠷᠡ᠂ ᠬᠤᠳᠠ ᠶᠡᠷᠦᠩᠬᠡᠢ ᠱᠦᠵᠢ ᠰᠢ ᠵᠢᠨ ᠫᠢᠩ ᠥᠪᠥᠷ ᠲᠤᠬᠠᠢ ᠴᠢᠬᠤᠯᠠ ᠵᠢᠨ ᠵᠣᠷᠢᠭ ᠰᠠᠨᠠᠭ᠎ᠠ ᠵᠢ ᠭᠦᠨᠵᠡᠭᠡᠢ ᠂ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠲᠡ ᠵᠢ ᠪᠦᠳᠦᠭᠡᠨ ᠠᠩᠬᠠᠷᠤᠯ ᠵᠶ᠋ᠠᠨ ᠲᠥᠪᠯᠡᠷᠡᠭᠦᠯᠵᠦ᠂ ᠮᠣᠩᠭᠤᠯ ᠤᠯᠤᠰ ᠯᠤᠭ᠎ᠠ ᠨᠥᠬᠦᠷᠰᠡᠭ ᠭᠠᠵᠠᠷ ᠰᠣᠯᠢᠯᠴᠠᠭ᠎ᠠ ᠬᠠᠮᠵᠢᠯᠴᠠᠭ᠎ᠠ ᠪᠠᠨ ᠪᠦᠬᠦ ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠬᠤᠶᠠᠷ ᠵᠶ᠋ᠠᠨ ᠨᠥᠬᠦᠷᠰᠡᠭ ᠤᠯᠠᠮᠵᠢᠯᠠᠯ ᠵᠶ᠋ᠠᠨ ᠪᠠᠬᠢᠵᠢᠭᠦᠯᠵᠦ᠂ ᠨᠡᠩ ᠤᠯᠠᠨ ᠥᠷᠭᠡᠨ ᠳᠡᠯᠭᠡᠷ ᠰᠣᠯᠢᠯᠴᠠᠭ᠎ᠠ ᠪᠣᠯᠤᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠪᠡᠶᠡᠯᠡᠭᠦᠯᠬᠦ ᠵᠢ ᠦᠷᠭᠦᠯᠵᠢᠯᠡᠨ ᠠᠬᠢᠭᠤᠯᠵᠤ᠂ ᠳᠤᠮᠳᠠᠳᠤ ᠪᠦᠬᠦ ᠲᠠᠯ᠎ᠠ ᠵᠢᠨ ᠪᠤᠳᠤᠯᠭ᠎ᠠ ᠵᠢᠨ ᠬᠠᠷᠢᠯᠴᠠᠭ᠎ᠠ ᠵᠢ ᠬᠠᠮᠲᠤᠪᠠᠷ ᠬᠦᠴᠦᠨ ᠴᠢᠳᠠᠯ ᠵᠶ᠋ᠠᠨ ᠡᠷᠭᠦᠬᠦ ᠵᠢ ᠬᠦᠰᠡᠵᠦ ᠭᠡᠵᠦ ᠃
ᠵᠤᠯᠵᠠᠶᠠᠭ᠎ᠠ᠂ ᠬᠥᠯᠥᠨ ᠪᠣᠢᠷ ᠬᠣᠲᠠ ᠵᠢᠨ ᠬᠦᠴᠦᠲᠡᠢ ᠳᠡᠮᠵᠢᠯᠭᠡ ᠳᠣᠣᠷ᠎ᠠ᠂ ᠺᠣᠨᠰᠦ᠋ᠯ ᠡᠯ᠎ᠡ ᠲᠠᠯ᠎ᠠ ᠵᠢᠨ ᠠᠵᠢᠯ ᠶᠠᠪᠤᠭᠳᠠᠵᠤ ᠪᠠᠢ᠍ᠨᠠ᠃ ᠺᠣᠨᠰᠦ᠋ᠯ ᠬᠢᠨ ᠲᠣᠰ ᠪᠡᠶ᠎ᠡ ᠵᠢᠨ ᠡᠭᠦᠷᠭᠡ ᠴᠢᠳᠠᠪᠤᠷᠢ ᠦᠷᠭᠦᠯᠵᠢᠯᠡᠨ ᠪᠠᠳᠠᠷᠠᠭᠤᠯᠵᠤ᠂ ᠪᠣᠭᠤᠮᠲᠠ ᠵᠢᠨ ᠭᠠᠵᠠᠷ ᠠᠷᠠᠯᠵᠢᠶ᠎ᠠ ᠶᠠᠪᠤᠯᠴᠠᠭ᠎ᠠ ᠪᠠ ᠰᠣᠶᠣᠯ ᠢᠷᠭᠡᠨᠰᠢᠯ ᠶᠠᠪᠤᠯᠴᠠᠭ᠎ᠠ ᠵᠢ ᠠᠬᠢᠭᠤᠯᠵᠤ᠂ ᠳᠤᠮᠳᠠᠳᠤ ᠵᠢᠨ ᠲᠠᠯ᠎ᠠ ᠯᠤᠭ᠎ᠠ ᠬᠠᠮᠲᠤ ᠮᠣᠩᠭᠤᠯ ᠳᠤᠮᠳᠠᠳᠤ ᠬᠤᠶᠠᠷ ᠠᠷᠠᠳ ᠤᠯᠠᠮᠵᠢᠯᠠᠯᠲᠤ ᠨᠥᠬᠦᠷᠯᠡᠯ ᠲᠠᠰᠤᠷᠠᠯᠲᠠ ᠥᠬᠡᠶ ᠬᠥᠭᠵᠢᠭᠦᠯᠬᠦ ᠬᠥᠭᠦᠷᠭᠡ ᠲᠠᠯᠪᠢᠵᠤ ᠥᠭᠭᠦᠨ᠎ᠡ ᠭᠡᠵᠦ ᠃