ᠵᠤᠬᠢᠶᠠᠭᠴᠢ:
ᠴᠠᠭ:2025-08-19
ᠥᠵᠡᠭᠰᠡᠨ : ℃
ᠢᠷᠡᠯᠲᠡ: ᠬᠥᠯᠥᠨ ᠪᠣᠶᠢᠷ ᠬᠤᠲᠠ ᠢᠢᠨ ᠠᠷᠠᠳ ᠤᠨ ᠵᠠᠰᠠᠭ ᠤᠨ ᠣᠷᠳᠣᠨ
ᠬᠤᠲᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ 2025 ᠣᠨ ᠤ 12 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
2025 8 ᠰᠠᠷ᠎ᠠ ᠵᠢᠨ 15 ᠤ ᠡᠳᠦᠷ᠂ ᠨᠠᠮ ᠤᠨ ᠬᠤᠷᠢᠶᠠᠨ ᠤ ᠳᠡᠳ᠋ ᠱᠦᠵᠢ᠂ ᠳᠠᠷᠤᠭ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠤᠨ ᠱᠦᠵᠢ ᠵᠶᠢ ᠶᠦᠩ ᠴᠢᠶᠠᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠤᠨ 2025 ᠣᠨ ᠤ 12 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠵᠢᠨ ᠲᠣᠪᠴᠢᠶᠠᠨ ᠤ ᠬᠤᠷᠠᠯ ᠪᠠ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠃
ᠬᠤᠷᠠᠯ ᠠᠴᠠ᠂ ᠬᠡᠷᠡᠭᠯᠡᠭᠡ ᠬᠥᠭᠵᠢᠭᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠨᠴᠠᠯᠢᠬᠳᠤ ᠰᠣᠶᠣᠯ ᠵᠢᠭᠤᠯᠴᠢᠯᠠᠯ ᠤᠨ ᠦᠢᠯᠡᠴᠢᠯᠡᠭᠡ᠂ ᠠᠮᠢ ᠠᠬᠤᠢ ᠵᠢᠨ ᠡᠷᠡᠭᠦᠯᠵᠢᠯ ᠰᠤᠪᠢᠯᠠᠯᠲᠠ ᠦᠢᠯᠡᠴᠢᠯᠡᠭᠡ ᠶᠡᠭᠡ ᠪᠠᠷ ᠬᠥᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠪᠤᠢᠢᠵᠢᠭᠤᠯᠬᠤ ᠬᠡᠷᠡᠭᠲᠡᠢ᠃《ᠬᠤᠶᠠᠷ ᠭᠤᠣᠯᠳᠠᠯᠭ᠎ᠠ》ᠵᠢᠨ ᠪᠦᠳᠦᠭᠡᠨ ᠪᠠᠢᠢᠭᠤᠯᠤᠯᠲᠠ ᠴᠢᠨᠠᠷ ᠠᠬᠢᠭᠤᠯᠵᠤ᠂ ᠵᠠᠮ ᠬᠠᠷᠢᠯᠴᠠᠭ᠎ᠠ᠂ ᠡᠨᠧᠷᠭᠢ ᠵᠡᠷᠭᠡ ᠬᠦᠷᠢᠶᠡᠨ ᠳᠠᠬᠢ ᠣᠷᠣᠭᠤᠯᠤᠯᠲᠠ ᠡᠷᠴᠢᠮ ᠴᠢᠩᠭᠠᠷᠠᠭᠤᠯᠵᠤ᠂ ᠠᠷᠠᠳ ᠤᠨ ᠪᠡᠯᠡ ᠣᠷᠣᠭᠤᠯᠤᠯᠲᠠ ᠠᠮᠢᠵᠢᠷᠠᠯ ᠤᠨ ᠬᠦᠴᠦᠨ ᠢ ᠬᠥᠭᠵᠢᠭᠡᠵᠦ᠂ ᠪᠦᠲᠦᠮᠵᠢᠲᠡᠢ ᠪᠡᠯᠡ ᠣᠷᠣᠭᠤᠯᠤᠯᠲᠠ ᠥᠷᠭᠡᠳᠬᠡᠬᠦ ᠬᠡᠷᠡᠭᠲᠡᠢ᠃ ᠬᠤᠳᠠ ᠰᠢᠨᠡᠴᠢᠯᠡᠯᠲᠡ ᠴᠢᠨᠠᠷ ᠥᠷᠨᠢᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠠᠵᠢᠯ ᠢ ᠯᠠᠪᠳᠠᠭᠤᠨ ᠪᠠᠲᠤᠲᠠᠢ ᠬᠢᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠤᠨ ᠲᠡᠩᠬᠡᠷᠡᠭᠦᠯᠦᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠥᠷᠢ ᠥᠭᠴᠡᠭᠡᠨ ᠤ ᠲᠦᠭᠰᠢᠭᠦᠷᠢ ᠵᠢ ᠢᠳᠡᠪᠬᠢᠲᠡᠢ ᠪᠥᠭᠡᠳ ᠯᠠᠪᠳᠠᠭᠤᠨ ᠵᠢᠠᠷ ᠠᠷᠢᠯᠭᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠪᠠ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠴᠢᠩᠭᠠᠳᠬᠠᠵᠤ᠂ ᠠᠵᠤ ᠠᠬᠤᠢ ᠤᠨ ᠴᠢᠨᠠᠷ ᠬᠥᠭᠵᠢᠯᠲᠡ ᠳᠤ ᠲᠣᠭᠲᠠᠭᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠵᠣᠬᠢᠶᠠᠬᠤ ᠠᠵᠢᠯ ᠢ ᠬᠢᠵᠦ᠂ ᠡᠯ᠎ᠡ ᠲᠠᠯ᠎ᠠ ᠬᠢᠨ ᠤ ᠰᠠᠨᠠᠯ ᠢ ᠥᠷᠭᠡᠨ ᠵᠢᠠᠷ ᠬᠤᠷᠢᠶᠠᠵᠤ᠂ ᠲᠥᠯᠥᠪᠵᠢᠭᠦᠯᠭᠡ ᠪᠠᠷᠠᠭᠠᠯᠬᠢᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠬᠡᠷᠡᠭ᠍ᠵᠢᠭᠦᠯᠬᠦᠢᠴᠡ ᠴᠢᠨᠠᠷ ᠲᠠᠢ ᠦᠨᠡᠨ ᠬᠦ ᠪᠠᠲᠤᠯᠠᠵᠤ᠂ ᠤᠨ ᠢᠷᠡᠭᠡᠳᠦᠶ ᠵᠢᠨ ᠲᠠᠪᠤᠨ ᠵᠢᠯ ᠤᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠬᠤᠲᠠ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠤᠨ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠭᠦᠨᠵᠡᠭᠡᠶ ᠰᠤᠷᠤᠯᠴᠠᠯᠭ᠎ᠠ ᠬᠥᠮᠦᠵᠢᠯ ᠤᠨ《ᠠᠰᠠᠭᠤᠳᠠᠯ ᠤᠨ ᠨᠠᠷᠢᠨ ᠲᠠᠩᠰᠠ》《ᠲᠥᠪᠯᠡᠷᠡᠭᠦᠯᠦᠨ ᠴᠡᠭᠴᠡᠯᠡᠨ ᠵᠠᠰᠠᠬᠤ ᠡᠬᠡ ᠲᠠᠩᠰᠠ》 ᠵᠢᠨ ᠳ᠋ᠤᠭᠠᠷ ᠬᠠᠰᠤᠬᠤ ᠪᠠ ᠬᠠᠮᠢᠶ᠎ᠠ ᠪᠥᠬᠦᠶ ᠪᠠᠯᠠ ᠮᠥᠩᠭᠦ ᠵᠢ ᠬᠤᠪᠢᠶᠠᠷᠢᠯᠠᠨ ᠬᠡᠷᠡᠭᠯᠡᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃