ᠵᠤᠬᠢᠶᠠᠭᠴᠢ:
ᠴᠠᠭ:2025-10-17
ᠥᠵᠡᠭᠰᠡᠨ : ℃
ᠢᠷᠡᠯᠲᠡ:
ᠬᠥᠯᠥᠨ ᠬᠤᠲᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠯᠠᠩ 2025 ᠣᠨ ᠤ 15 ᠳ᠋ᠤᠭᠠᠷ ᠤᠳᠠᠭ᠎ᠠ ᠵᠢᠨ ᠬᠤᠷᠠᠯ ᠬᠤᠷᠠᠯᠳᠤᠭᠤᠯᠪᠠ
2025 10 ᠰᠠᠷ᠎ᠠ ᠵᠢᠨ 10 ᠤ ᠡᠳᠦᠷ᠂ ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ᠂ ᠬᠤᠲᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ ᠵᠶᠢ ᠶᠦᠩ ᠴᠢᠶᠠᠨ ᠬᠤᠲᠠ ᠵᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠯᠠᠩ ᠤᠨ 2025 ᠣᠨ ᠤ 15 ᠳ᠋ᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ 《ᠦᠨᠡᠨ》ᠰᠡᠳᠬᠦᠯ ᠤᠨ ᠨᠡᠢᠲᠡᠯᠡᠭᠰᠡᠨ ᠶᠡᠷᠦᠩᠬᠡᠶ ᠱᠦᠵᠢ ᠰᠢ ᠵᠢᠨ ᠫᠢᠩ ᠤᠨ《ᠶᠠᠫᠣᠨ ᠢ ᠠᠭᠤᠤ ᠶᠡᠭᠡ ᠵᠣᠷᠢᠭ ᠰᠠᠨᠠᠭ᠎ᠠ ᠵᠢ ᠪᠠᠳᠠᠷᠠᠭᠤᠯᠵᠤ᠂ ᠳᠤᠮᠳᠠᠳᠤ ᠵᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠢᠨ ᠬᠡᠷᠡᠯ ᠰᠠᠴᠤᠷᠠᠩᠭᠤᠶ ᠲᠡᠷᠲᠡᠭᠡ ᠡᠷᠭᠢ ᠠᠴᠠ ᠡᠷᠡᠯᠬᠡᠭᠯᠡᠨ ᠤᠷᠤᠭᠰᠢᠯᠠᠶ᠎ᠠ》 ᠪᠠ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠣᠭᠤᠳᠬᠤ ᠳᠤᠭᠤᠢᠯᠠᠩ ᠵᠢᠴᠢ ᠲᠥᠪ ᠤᠨ ᠳᠠᠪᠬᠤᠷᠭ᠎ᠠ ᠵᠢᠨ ᠠᠵᠢᠯ ᠤᠨ ᠲᠤᠰᠬᠠᠶ ᠠᠩᠭᠢ ᠵᠢᠨ ᠳ᠋ᠦᠩᠨᠡᠯᠲᠡ ᠵᠢᠨ ᠬᠤᠷᠠᠯ ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠨᠠᠢᠳᠠᠪᠤᠷᠢᠵᠢᠭᠤᠯᠬᠤ ᠠᠵᠢᠯ ᠢ ᠰᠤᠳᠤᠯᠤᠨ ᠪᠠᠢᠷᠢᠯᠠᠭᠤᠯᠪᠠ᠃
ᠬᠤᠷᠠᠯ ᠠᠴᠠ᠂ ᠠᠭᠤᠤ ᠶᠡᠭᠡ ᠢᠯᠠᠯᠲᠠ ᠵᠢ ᠪᠠᠲᠤ ᠴᠡᠭᠡᠵᠢᠯᠡᠵᠦ᠂ ᠶᠠᠫᠣᠨ ᠢ ᠲᠠᠢᠨ ᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠶᠠᠫᠣᠨ ᠢ ᠤ ᠦᠯᠢᠭᠡᠷ ᠢ ᠰᠠᠢᠲᠤᠷ ᠶᠠᠷᠢᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠷᠢᠭᠵᠢᠭᠤᠯᠬᠤ ᠪᠠ ᠬᠦᠳᠦᠯᠦᠨ ᠵᠢᠯᠣᠭᠤᠳᠴᠤ ᠪᠠᠢᠭᠠᠳ ᠴᠤᠭ ᠰᠦᠯᠳᠡ ᠪᠠᠨ ᠪᠠᠳᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠮᠢ ᠠᠬᠤᠢ ᠵᠢᠨ ᠬᠠᠮᠠᠭᠠᠯᠠᠯᠲᠠ ᠵᠡᠷᠭᠡ ᠡᠯ᠎ᠡ ᠵᠦᠢᠯ ᠤᠨ ᠠᠵᠢᠯ ᠤᠨ ᠳᠤᠮᠳᠠ ᠬᠦᠨᠳᠦ ᠡᠭᠦᠷᠭᠡ ᠵᠢ ᠵᠣᠷᠢᠭᠲᠠᠢ ᠪᠠᠷ ᠡᠭᠦᠷᠭᠡᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠵᠢ ᠤᠷᠮᠠᠰᠢᠭᠤᠯᠤᠨ ᠵᠢᠯᠣᠭᠤᠳᠬᠤ ᠬᠡᠷᠡᠭᠲᠡᠢ᠃ ᠡᠯ᠎ᠡ ᠬᠦᠷᠢᠶᠡᠨ ᠤ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠵᠢᠨ ᠲᠠᠢᠴᠢᠯᠠᠯᠳᠠ ᠵᠢᠨ ᠠᠵᠢᠯ ᠢ ᠰᠠᠢᠲᠤᠷ ᠬᠢᠵᠦ᠂ ᠡᠬᠡ ᠤᠯᠤᠰ ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠵᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠶᠡᠷᠦᠩᠬᠡᠶ ᠱᠦᠵᠢ ᠰᠢ ᠵᠢᠨ ᠫᠢᠩ ᠤᠨ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠦᠷᠭᠦᠯᠵᠢᠯᠡᠨ ᠭᠦᠨᠵᠡᠭᠡᠶ ᠰᠤᠷᠤᠯᠴᠠᠨ ᠂ ᠲᠥᠪ ᠤᠨ ᠵᠢᠯᠣᠭᠤᠳᠬᠤ ᠳᠤᠭᠤᠢᠯᠠᠩ ᠵᠢᠴᠢ ᠲᠥᠪ ᠤᠨ ᠳᠠᠪᠬᠤᠷᠭ᠎ᠠ ᠵᠢᠨ ᠠᠵᠢᠯ ᠤᠨ ᠲᠤᠰᠬᠠᠶ ᠠᠩᠭᠢ ᠵᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠵᠢᠨ ᠨᠠᠮ ᠤᠨ ᠬᠤᠷᠢᠶᠠᠨ ᠤ ᠪᠠᠢᠷᠢᠯᠠᠭᠤᠯᠤᠯᠲᠠ ᠱᠠᠭᠠᠷᠳᠠᠯᠭ᠎ᠠ ᠵᠢ ᠪᠥᠬᠦ ᠲᠠᠯ᠎ᠠ ᠪᠠᠷ ᠨᠠᠢᠳᠠᠪᠤᠷᠢᠵᠢᠭᠤᠯᠵᠤ᠂ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠵᠢ ᠴᠥᠬᠦᠷᠡᠰᠢ ᠥᠬᠡᠶ ᠨᠠᠢᠳᠠᠪᠤᠷᠢᠵᠢᠭᠤᠯᠵᠤ᠂ ᠵᠥᠪ ᠣᠨᠣᠪᠴᠢᠲᠠᠶ ᠠᠵᠢᠯ ᠤᠨ ᠪᠦᠲᠦᠮᠵᠢ ᠵᠢᠨ ᠦᠵᠡᠯᠲᠡ ᠵᠢ ᠪᠠᠲᠤ ᠪᠣᠶ ᠪᠣᠯᠭᠠᠵᠤ᠂ ᠡᠷᠬᠡ ᠵᠢᠨ ᠠᠵᠢᠯᠯᠠᠭᠠᠨ ᠢ ᠤᠯᠠᠮ ᠴᠢᠨᠠᠭᠰᠢᠳᠠ ᠵᠢᠷᠤᠮᠵᠢᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠬᠢᠨᠠᠯᠲᠠ ᠵᠢ ᠰᠠᠢᠲᠤᠷ ᠠᠳᠬᠤᠵᠤ᠂ ᠣᠯᠠᠨ ᠲᠦᠮᠡᠨ ᠤ ᠲᠣᠰ ᠪᠡᠶ᠎ᠡ ᠵᠢᠨ ᠠᠰᠢᠭ ᠲᠤᠰᠠ ᠳᠤ ᠬᠤᠯᠪᠣᠭᠳᠠᠬᠤ ᠲᠣᠪᠤᠢᠮ᠎ᠠ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠦᠨ ᠰᠶᠢ᠍ᠳᠪᠦᠷᠢᠯᠡᠵᠦ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠬᠤᠶᠠᠷ ᠶᠡᠭᠡ ᠶᠠᠪᠤᠳᠠᠯ ᠢ ᠰᠠᠢᠲᠤᠷ ᠬᠢᠬᠦ᠂ ᠬᠤᠶᠠᠷ ᠢ ᠲᠡᠷᠢᠭᠦᠨ ᠳᠤ ᠲᠠᠯᠪᠢᠬᠤ ᠵᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠯ᠎ᠡ ᠵᠦᠢᠯ ᠤᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
ᠬᠤᠷᠠᠯ ᠠᠴᠠ ᠪᠠᠰᠠ ᠬᠤᠯᠪᠣᠭᠳᠠᠯ ᠪᠦᠬᠦᠢ ᠬᠦᠷᠢᠶᠡᠨ ᠤ ᠪᠡᠯᠡ ᠮᠥᠩᠭᠦ ᠵᠢ ᠬᠤᠪᠢᠶᠠᠷᠢᠯᠠᠨ ᠬᠡᠷᠡᠭᠯᠡᠬᠦ ᠶᠠᠪᠤᠳᠠᠯ ᠢ ᠰᠤᠳᠤᠯᠤᠨ ᠬᠢᠨᠠᠨ ᠵᠥᠪᠯᠡᠪᠡ᠃