ᠵᠤᠬᠢᠶᠠᠭᠴᠢ:
ᠴᠠᠭ:2025-11-14
ᠥᠵᠡᠭᠰᠡᠨ : ℃
ᠢᠷᠡᠯᠲᠡ: ᠬᠥᠯᠥᠨ ᠪᠣᠶᠢᠷ ᠬᠤᠲᠠ ᠢᠢᠨ ᠠᠷᠠᠳ ᠤᠨ ᠵᠠᠰᠠᠭ ᠤᠨ ᠣᠷᠳᠣᠨ
ᠸᠠᠩ ᠸᠠᠩ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠴᠢᠬᠤᠯᠠ ᠶᠡᠭᠡ ᠲᠦᠷᠦᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠰᠤᠳᠤᠯᠪᠠ
2025 11 ᠰᠠᠷ᠎ᠠ ᠵᠢᠨ 9 ᠤ ᠡᠳᠦᠷ᠂ ᠬᠤᠲᠠ ᠵᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ ᠵᠶᠢ ᠶᠦᠩ ᠴᠢᠶᠠᠨ ᠨᠠᠷ 《ᠮᠧᠩ ᠺᠧ ᠵᠢᠦᠢ》ᠬᠥᠯᠥᠨ ᠤᠨ ᠬᠤᠪᠢᠶᠠᠷᠢ ᠲᠥᠪ᠂ ᠬᠤᠲᠠ ᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠪᠠ ᠪᠥᠬᠦ ᠬᠤᠲᠠ ᠵᠢᠨ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯ ᠢ ᠥᠷᠨᠢᠭᠦᠯᠦᠭᠰᠡᠨ ᠢ ᠲᠤᠬᠠᠶ ᠵᠢᠨ ᠭᠠᠵᠠᠷ ᠲᠤᠨᠢ ᠰᠤᠳᠤᠯᠪᠠ᠃
《ᠮᠧᠩ ᠺᠧ ᠵᠢᠦᠢ》ᠵᠢᠨ ᠬᠥᠯᠥᠨ ᠤᠨ ᠬᠤᠪᠢᠶᠠᠷᠢ ᠲᠥᠪ ᠲᠤ᠂ ᠸᠠᠩ ᠸᠠᠩ ᠱᠧᠩ ᠲᠠᠪᠴᠠᠩ ᠤᠨ ᠠᠵᠢᠯᠯᠠᠭᠠᠨ ᠤ ᠢ ᠨᠠᠷᠢᠨ ᠂ ᠲᠥᠪ ᠤᠨ ᠠᠵᠤ ᠤᠨ ᠬᠥᠭᠵᠢᠯᠲᠡ ᠳᠤ ᠦᠢᠯᠡᠴᠢᠯᠡᠬᠦ᠂ ᠰᠢᠨ᠎ᠡ ᠵᠢ ᠡᠭᠦᠳᠬᠦ ᠡᠬᠢ ᠪᠠᠶᠠᠯᠢᠭ ᠢ ᠵᠢ ᠠᠬᠢᠭᠤᠯᠬᠤ ᠵᠡᠷᠭᠡ ᠲᠠᠯ᠎ᠠ ᠪᠠᠷ ᠬᠢ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠲᠡᠷᠡ᠂ ᠦᠢᠯᠡᠴᠢᠯᠡᠭᠡᠨ ᠤ ᠴᠢᠳᠠᠮᠵᠢ ᠪᠣᠯᠤᠨ ᠣᠷᠣᠨ ᠵᠠᠢ ᠵᠢᠨ ᠪᠠᠢᠷᠢᠰᠢᠭᠤᠯᠤᠯᠲᠠ ᠵᠢ ᠦᠷᠭᠦᠯᠵᠢᠯᠡᠨ ᠰᠢᠯᠢᠳᠡᠭᠵᠢᠭᠦᠯᠵᠦ᠂ ᠲᠦᠷᠦ ᠵᠢᠨ ᠪᠤᠳᠤᠯᠭ᠎ᠠ ᠵᠢ ᠵᠣᠬᠢᠴᠠᠭᠤᠯᠬᠤ᠂ ᠴᠢᠳᠠᠪᠤᠷᠢᠲᠠᠨ ᠢ ᠵᠣᠯᠭᠠᠭᠤᠯᠬᠤ᠂ ᠪᠡᠯᠡ ᠲᠤᠬᠢᠷᠠᠭᠤᠯᠭ᠎ᠠ ᠵᠢᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠭᠤᠭᠴᠤᠭ᠎ᠠ ᠵᠢᠨ ᠲᠣᠭᠤᠷᠢᠨ ᠳᠤ ᠣᠨᠣᠴᠠᠲᠠᠢ ᠬᠦᠴᠦᠯᠡᠵᠦ᠂ ᠨᠡᠩ ᠤᠯᠠᠨ ᠰᠢᠯᠢᠳᠡᠭ ᠠᠵᠤ ᠤᠨ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠦᠨᠡᠨ ᠬᠦ ᠠᠵᠤ ᠦᠢᠯᠡᠰ ᠤᠨ ᠬᠥᠭᠵᠢᠯᠲᠡ ᠵᠢᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠵᠢ ᠡᠭᠦᠳᠬᠦ ᠪᠠ ᠠᠵᠤ ᠦᠢᠯᠡᠰ ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ ᠭᠡᠪᠡ᠃
ᠬᠤᠲᠠ ᠵᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠪᠥᠬᠦ ᠬᠤᠲᠠ ᠵᠢᠨ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠬᠡᠪᠴᠢᠶ᠎ᠡ ᠵᠢᠴᠢ ᠭᠦᠢᠴᠡᠳᠭᠡᠬᠦ ᠶᠠᠪᠤᠴᠠ ᠵᠢ ᠤ ᠳᠠᠷᠠᠭ᠎ᠠ᠂ ᠸᠠᠩ ᠸᠠᠩ ᠱᠧᠩ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠨᠢ ᠲᠥᠷᠥᠯ ᠵᠦᠢᠯ ᠢ ᠬᠤᠷᠳᠤᠴᠠ ᠪᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠢ ᠰᠢᠭᠤᠳ ᠬᠤᠯᠪᠣᠭᠳᠠᠨ᠎ᠠ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠦᠳᠲᠡᠷ ᠲᠦᠷᠭᠡᠨ ᠬᠥᠳᠡᠯᠦᠯᠴᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠨ ᠱᠠᠭᠠᠷᠳᠠᠯᠭ᠎ᠠ ᠵᠢ ᠴᠢᠩᠭ᠎ᠠ ᠵᠢᠷᠤᠮᠯᠠᠨ᠂ ᠬᠢᠨᠠᠨ ᠵᠥᠪᠰᠢᠶᠡᠷᠡᠬᠦ ᠲᠣᠭᠲᠠᠴᠠ ᠵᠢᠨ ᠰᠢᠨ᠎ᠡ ᠵᠢ ᠤᠯᠠᠮ ᠨᠢᠭᠡ ᠠᠯᠬᠤᠮ ᠡᠭᠦᠳᠴᠦ᠂ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠦᠨ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠤᠨ《ᠬᠢᠨᠠᠨ ᠵᠥᠪᠰᠢᠶᠡᠷᠡᠬᠦ ᠨᠢ ᠤᠳᠠᠭᠠᠨ》 ᠠᠰᠠᠭᠤᠳᠠᠯ ᠢ ᠬᠦᠴᠦᠯᠡᠨ ᠰᠶᠢ᠍ᠳᠪᠦᠷᠢᠯᠡᠵᠦ᠂ ᠴᠢᠬᠤᠯᠠ ᠶᠡᠭᠡ ᠲᠥᠷᠥᠯ ᠵᠦᠢᠯ ᠢ ᠲᠦᠷᠭᠡᠨ ᠪᠥᠲᠥᠭᠡᠨ ᠵᠢ ᠠᠬᠢᠭᠤᠯᠬᠤ ᠬᠡᠷᠡᠭᠲᠡᠶ ᠭᠡᠪᠡ᠃《ᠤᠯᠠᠭᠠᠨ ᠰᠢᠷ᠎ᠠ ᠨᠣᠭᠤᠭᠠᠨ》ᠬᠥᠳᠡᠯᠦᠩᠭᠦᠶ ᠬᠢᠨᠠᠯᠲᠠ ᠬᠠᠮᠢᠶᠠᠷᠤᠯᠲᠠ ᠵᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠤᠯᠪᠣᠭᠠᠯᠠᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠠᠭᠤᠯᠭ᠎ᠠ᠂ ᠲᠠᠰ ᠳᠠᠷᠠᠭᠠᠯᠠᠯ᠂ ᠴᠠᠭ ᠤᠨ ᠬᠢᠵᠠᠭᠠᠷ ᠢ ᠲᠠᠪᠴᠠᠩ ᠤᠨ ᠠᠵᠢᠯᠯᠠᠭᠠᠨ ᠤ ᠬᠠᠮᠢᠶᠠᠷᠤᠯᠲᠠ ᠳᠤ ᠪᠥᠬᠦ ᠲᠠᠯ᠎ᠠ ᠪᠠᠷ ᠣᠷᠣᠭᠤᠯᠤᠨ᠂ ᠰᠶᠢ᠍ᠳᠪᠦᠷᠢᠯᠡᠬᠦ ᠠᠬᠢᠴᠠ ᠵᠢ ᠴᠠᠭ ᠲᠤᠬᠠᠶ ᠳᠤᠨᠢ ᠣᠨᠣᠪᠴᠢᠲᠠᠶ ᠲᠤᠰᠬᠠᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠰᠶᠢ᠍ᠳᠪᠦᠷᠢᠯᠡᠵᠦ ᠥᠬᠡᠶ ᠵᠦᠢᠯᠡᠰ ᠢ ᠴᠠᠭ ᠲᠤᠬᠠᠶ ᠳᠤᠨᠢ ᠰᠡᠷᠡᠮᠵᠢᠯᠡᠭᠦᠯᠵᠦ᠂ ᠨᠢᠭᠡ ᠨᠢᠭᠡ ᠪᠠᠷ ᠳᠣᠭᠢᠷᠠᠭᠤᠯᠤᠨ᠂ ᠲᠥᠪᠯᠡᠷᠡᠭᠦᠯᠦᠨ ᠪᠣᠭᠤᠮᠲᠠ ᠰᠢᠪᠲᠤᠯᠵᠤ᠂ ᠮᠥᠷᠳᠡᠨ ᠳᠠᠭᠠᠵᠤ ᠦᠷ᠎ᠡ ᠪᠦᠲᠦᠮᠵᠢ ᠵᠢ ᠠᠰᠠᠭᠤᠬᠤ ᠪᠢᠲᠡᠭᠦᠮᠵᠢᠯᠡᠭᠰᠡᠨ ᠬᠠᠮᠢᠶᠠᠷᠤᠯᠲᠠ ᠵᠢ ᠪᠡᠶᠡᠯᠡᠭᠦᠯᠬᠦ ᠬᠡᠷᠡᠭᠲᠡᠶ᠃ ᠠᠳᠠᠯᠢ ᠪᠤᠰᠤ ᠲᠦᠷᠦᠯ ᠵᠦᠢᠯ ᠤᠨ ᠲᠦᠷᠦᠯ ᠵᠦᠢᠯ ᠢ ᠰᠣᠩᠭᠤᠨ ᠪᠦᠬᠦ ᠶᠠᠪᠤᠴᠠ ᠵᠢᠨ ᠰᠢᠯᠭᠠᠯᠲᠠ ᠬᠢᠵᠦ᠂ ᠲᠦᠭᠵᠢᠷᠡᠯ ᠤᠨ ᠴᠡᠭ ᠤᠨ ᠬᠦᠴᠢᠷ ᠠᠰᠠᠭᠤᠳᠠᠯ ᠢ ᠵᠢᠭᠰᠠᠭᠠᠨ ᠰᠶᠢ᠍ᠳᠪᠦᠷᠢᠯᠡᠨ᠂ ᠬᠢᠨᠠᠨ ᠵᠥᠪᠰᠢᠶᠡᠷᠡᠬᠦ ᠶᠠᠪᠤᠴᠠ ᠵᠢᠨ ᠥᠨᠳᠥᠷ ᠪᠦᠲᠦᠮᠵᠢᠲᠡᠢ ᠰᠠᠭᠠᠳ ᠦᠭᠡᠢ ᠵᠢ ᠪᠠᠲᠤᠯᠠᠬᠤ ᠬᠡᠷᠡᠭᠲᠡᠢ᠃ ᠠᠮᠵᠢᠯᠲᠠ ᠪᠦᠲᠦᠮᠵᠢ ᠵᠢ ᠬᠢᠨᠠᠨ ᠰᠢᠯᠭᠠᠬᠤ ᠲᠣᠭᠲᠠᠴᠠ ᠪᠠ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠯᠭᠠᠨ ᠦᠨᠡᠯᠡᠭᠰᠡᠨ ᠦᠷ᠎ᠡ ᠳ᠋ᠦᠩ ᠢ ᠭᠦᠢᠴᠡᠳ ᠬᠡᠷᠡᠭᠯᠡᠨ ᠲᠡᠷᠢᠭᠦᠨ ᠤ ᠬᠢ ᠵᠢ ᠵᠣᠷᠢᠭᠵᠢᠭᠤᠯᠤᠨ᠂ ᠬᠤᠴᠣᠷᠤᠩᠭᠤᠶ ᠵᠢ ᠰᠢᠮᠳᠠᠭᠤᠯᠵᠤ᠂ ᠬᠥᠭᠵᠢᠯᠲᠡ ᠳᠤ ᠦᠢᠯᠡᠴᠢᠯᠡᠬᠦ᠂ ᠠᠵᠤ ᠳᠤ ᠦᠢᠯᠡᠴᠢᠯᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠭᠡᠵᠡᠢ᠃