ᠵᠤᠬᠢᠶᠠᠭᠴᠢ:
ᠴᠠᠭ:2025-11-28
ᠥᠵᠡᠭᠰᠡᠨ : ℃
ᠢᠷᠡᠯᠲᠡ: ᠬᠥᠯᠥᠨ ᠪᠣᠶᠢᠷ ᠬᠤᠲᠠ ᠢᠢᠨ ᠠᠷᠠᠳ ᠤᠨ ᠵᠠᠰᠠᠭ ᠤᠨ ᠣᠷᠳᠣᠨ
ᠸᠠᠩ ᠸᠠᠩ ᠱᠧᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠤᠬᠠᠭᠤᠯᠤᠨ ᠂ ᠮᠠᠨ ᠤ ᠬᠤᠲᠠ ᠵᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠰᠢᠰᠲ᠋ᠧᠮ ᠲᠠᠢ
ᠳᠤ᠂ ᠬᠤᠲᠠ ᠵᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠤᠬᠠᠭᠤᠯᠤᠨ ᠂ ᠮᠠᠨ ᠤ ᠬᠤᠲᠠ ᠵᠢᠨ《ᠠᠷᠪᠠᠨ ᠲᠠᠪᠤᠳᠤᠭᠠᠷ ᠲᠠᠪᠤᠨ ᠵᠢᠯ》 ᠤᠨ ᠬᠥᠭᠵᠢᠯᠲᠡ ᠵᠢᠨ ᠵᠢᠷᠤᠭ ᠲᠥᠯᠥᠪᠯᠡᠭᠡ ᠵᠢ ᠰᠢᠰᠲ᠋ᠧᠮ ᠲᠠᠢ ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠬᠥᠲᠥᠯᠥᠨ ᠳᠠᠭᠠᠭᠤᠯᠵᠤ《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ ᠳᠠᠬᠢ ᠠᠵᠤ ᠠᠬᠤᠶ ᠤᠨ ᠬᠥᠭᠵᠢᠯᠲᠡ ᠳᠤ ᠨᠠᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠵᠢ ᠪᠥᠬᠦ ᠬᠦᠴᠦᠨ ᠵᠢᠠᠷ ᠵᠢᠠᠨ ᠬᠠᠷᠢᠭᠤᠯᠬᠤ ᠵᠢ ᠤᠷᠢᠶᠠᠯᠠᠪᠠ᠃
ᠸᠠᠩ ᠸᠠᠩ ᠱᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠰᠤᠷᠤᠯᠴᠠᠨ ᠵᠢ ᠣᠳᠣᠬᠠᠨ ᠤ ᠪᠠ ᠵᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠵᠢᠨ ᠡᠭᠦᠷᠭᠡ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ ᠤᠨ ᠥᠪᠥᠷ ᠮᠣᠩᠭᠤᠯ ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠯᠤᠭ᠎ᠠ ᠨᠡᠪᠲᠡᠷᠡᠯᠴᠡᠭᠦᠯᠦᠨ ᠡᠵᠡᠮᠰᠢᠵᠦ᠂ ᠨᠢᠭᠡ ᠴᠣᠭᠴᠠᠵᠢᠭᠤᠯᠤᠨ ᠬᠡᠷᠡᠭᠲᠡᠶ᠃《ᠬᠤᠶᠠᠷ ᠢ ᠲᠤᠭᠲᠠᠭᠠᠭᠰᠠᠨ》 ᠤ ᠰᠶᠢ᠍ᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠂《ᠲᠦᠷᠪᠡᠨ ᠤᠬᠠᠮᠰᠠᠷ》ᠵᠢᠠᠨ ᠴᠢᠩᠭᠠᠳᠬᠠᠵᠤ᠂ 《ᠲᠦᠷᠪᠡᠨ ᠢᠲᠡᠭᠡᠯ》ᠵᠢᠠᠨ ᠪᠠᠲᠤᠳᠬᠠᠵᠤ᠂《ᠬᠤᠶᠠᠷ ᠢ ᠬᠠᠮᠠᠭᠠᠯᠠᠬᠤ》ᠵᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠵᠢᠨ ᠲᠠᠯ᠎ᠠ ᠪᠠᠷ ᠰᠢ ᠵᠢᠨ ᠫᠢᠩ ᠨᠥᠬᠦᠷ ᠵᠢᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠬᠡᠷᠡᠭᠲᠡᠢ᠃《ᠠᠷᠪᠠᠨ ᠲᠠᠪᠤᠳᠤᠭᠠᠷ ᠲᠠᠪᠤᠨ ᠵᠢᠯ》 ᠤᠨ ᠬᠤᠭᠤᠴᠠᠭᠠᠨ ᠤ ᠠᠵᠤ ᠠᠬᠤᠢ ᠤᠨ ᠬᠦᠭᠵᠢᠯᠲᠡ ᠵᠢᠨ ᠵᠢᠯᠤᠭᠤᠳᠬᠤ ᠦᠵᠡᠯ ᠰᠠᠨᠠᠭ᠎ᠠ᠂ ᠴᠢᠬᠤᠯᠠ ᠶᠡᠭᠡ ᠵᠠᠷᠴᠢᠮ᠂ ᠭᠤᠤᠯ ᠬᠠᠷᠠᠯᠲᠠ᠂ ᠪᠤᠳᠤᠯᠭ᠎ᠠ ᠵᠢᠨ ᠡᠭᠦᠷᠭᠡ ᠪᠤᠯᠤᠨ ᠴᠢᠬᠤᠯᠠ ᠠᠷᠭ᠎ᠠ ᠬᠡᠮᠵᠢᠶ᠎ᠡ ᠵᠢ ᠤᠨᠤᠪᠴᠢᠲᠠᠢ ᠡᠵᠡᠮᠰᠢᠵᠦ᠂ ᠨᠠᠮ ᠤᠨ ᠲᠦᠪ ᠬᠤᠷᠢᠶᠠᠨ ᠤ ᠰᠶᠢ᠍ᠳᠪᠦᠷᠢᠲᠦ ᠪᠤᠳᠤᠯᠭ᠎ᠠ ᠵᠢᠨ ᠵᠣᠷᠢᠯᠭ᠎ᠠ᠂ ᠲᠦᠷᠦ ᠵᠢᠨ ᠪᠤᠳᠤᠯᠭ᠎ᠠ ᠵᠢᠨ ᠬᠠᠨᠳᠤᠰᠢ᠂ ᠬᠡᠷᠡᠭᠵᠢᠭᠦᠯᠬᠦ ᠠᠷᠭ᠎ᠠ ᠵᠠᠮ ᠢ ᠰᠡᠳᠬᠢᠯ ᠲᠠᠯᠪᠢᠨ ᠂ ᠬᠦᠯᠦᠨ ᠤᠨ ᠡᠯ᠎ᠡ ᠲᠦᠷᠦᠯ ᠤᠨ ᠠᠵᠢᠯ ᠦᠢᠯᠡᠰ ᠤᠨ ᠢᠮᠠᠭᠲᠠ ᠵᠦᠪ ᠴᠢᠭᠯᠡᠯ ᠵᠢᠠᠷ ᠤᠷᠤᠭᠰᠢᠯᠠᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠠᠩ ᠱᠧᠩ᠂ ᠡᠭᠦᠷᠭᠡᠲᠦ ᠤᠬᠠᠮᠰᠠᠷ ᠵᠢᠠᠨ ᠴᠢᠩᠭᠠᠳᠬᠠᠵᠤ᠂ ᠪᠣᠳᠣᠯᠭ᠎ᠠ ᠵᠢᠨ ᠲᠣᠭᠲᠠᠯ ᠬᠦᠴᠦᠨ ᠵᠢᠠᠨ ᠪᠠᠲᠤᠯᠠᠵᠤ᠂《ᠬᠤᠶᠠᠷ ᠬᠠᠯᠬᠠᠪᠴᠢ》《ᠬᠤᠶᠠᠷ ᠰᠠᠭᠤᠷᠢᠨ》《ᠨᠢᠭᠡ ᠪᠠᠬᠢᠯᠡᠯᠲᠡ》ᠵᠢᠨ ᠪᠣᠳᠣᠯᠭ᠎ᠠ ᠵᠢᠨ ᠪᠠᠢᠷᠢ ᠲᠣᠭᠲᠠᠭᠠᠯᠲᠠ ᠲᠠᠢ ᠨᠢᠭᠲᠠ ᠤᠶᠠᠯᠳᠤᠭᠤᠯᠤᠨ᠂ ᠬᠦᠴᠦᠨ ᠵᠢᠠᠨ ᠲᠥᠪᠯᠡᠷᠡᠭᠦᠯᠦᠨ ᠦᠵᠡᠰᠬᠦᠯᠡᠩᠲᠦ ᠰᠠᠢᠬᠠᠨ ᠵᠣᠯ ᠵᠢᠷᠭᠠᠯ ᠲᠠᠢ᠂ ᠨᠡᠭᠡᠭᠡᠯᠲᠡ ᠬᠢᠵᠦ ᠬᠦᠭ᠍ᠵᠢᠨ ᠴᠡᠴᠡᠭ᠍ᠯᠡᠭ᠍ᠰᠡᠨ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠣᠳᠣᠬᠢᠴᠢᠯᠠᠭᠰᠠᠨ ᠬᠥᠯᠥᠨ ᠪᠤᠢᠷ ᠢ ᠲᠦᠷᠭᠡᠳᠬᠡᠨ ᠪᠠᠢᠭᠤᠯᠵᠤ᠂ ᠠᠯᠤᠰ ᠬᠡᠲᠦ ᠵᠢ ᠲᠥᠯᠥᠪᠵᠢᠭᠦᠯᠬᠦ ᠪᠠ ᠣᠳᠣᠬᠠᠨ ᠤ ᠠᠵᠢᠯ ᠲᠠᠢ ᠨᠢᠭᠲᠠ ᠤᠶᠠᠯᠳᠤᠭᠤᠯᠵᠤ᠂ ᠶᠡᠷᠦᠩᠬᠡᠶ ᠲᠥᠯᠥᠪᠵᠢᠭᠦᠯᠭᠡ ᠪᠠ ᠲᠤᠰᠬᠠᠶ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠬᠤ ᠠᠵᠢᠯ ᠢ ᠨᠢᠭᠡᠳᠦᠯᠲᠡᠶ ᠲᠥᠯᠥᠪᠯᠡᠨ ᠠᠳᠬᠤᠵᠤ᠂ ᠣᠬᠤᠷ ᠬᠤᠭᠤᠴᠠᠭ᠎ᠠ᠂ ᠳᠤᠮᠳᠠ ᠬᠤᠭᠤᠴᠠᠭ᠎ᠠ᠂ ᠣᠷᠳᠣ ᠬᠤᠭᠤᠴᠠᠭᠠᠨ ᠤ ᠬᠥᠭᠵᠢᠯᠲᠡ ᠵᠢᠨ ᠬᠠᠷᠠᠯᠲᠠ ᠵᠢ ᠣᠷᠭᠠᠨᠢᠭ ᠵᠢᠠᠷ ᠵᠣᠯᠭᠠᠭᠤᠯᠬᠤ ᠵᠢ ᠬᠢᠵᠦ᠂ ᠲᠤᠬᠠᠶ ᠵᠢᠨ ᠭᠠᠵᠠᠷ ᠣᠷᠣᠨ ᠤ ᠪᠠᠢᠳᠠᠯ ᠳᠤᠨᠢ ᠳᠣᠭᠢᠷᠠᠭᠤᠯᠤᠨ᠂ ᠯᠠᠪᠳᠠᠭᠤᠨ ᠪᠠᠲᠤᠲᠠᠶ ᠠᠵᠢᠯᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠵᠢᠨ ᠡᠯ᠎ᠡ ᠵᠦᠢᠯ ᠤᠨ ᠰᠡᠳᠭᠢᠮᠵᠢ ᠠᠷᠭ᠎ᠠ ᠬᠡᠮᠵᠢᠶ᠎ᠡ ᠵᠢ ᠨᠠᠶᠢᠳᠠᠪᠤᠷᠢᠵᠢᠭᠤᠯᠵᠤ᠂ ᠪᠤᠳᠠᠳᠠᠶᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠪᠠᠲᠤᠯᠠᠬᠤ ᠬᠡᠷᠡᠭᠲᠡᠶ᠃ ᠪᠦᠬᠦ ᠬᠤᠳᠠ ᠪᠠᠷ ᠵᠢᠠᠨ ᠥᠷᠯᠥᠭᠡ ᠦᠳᠡᠰᠢ ᠦᠭᠡᠢ ᠲᠡᠮᠡᠴᠡᠬᠦ ᠲᠤᠯᠭᠠᠮ ᠰᠡᠳᠬᠢᠯᠭᠡ ᠪᠠᠨ ᠬᠥᠭᠵᠢᠭᠡᠵᠦ᠂ ᠵᠣᠷᠢᠭᠲᠠᠢ ᠪᠠᠷ ᠬᠢᠵᠦ ᠵᠣᠷᠢᠭᠲᠠᠢ ᠪᠠᠷ ᠲᠤᠷᠰᠢᠬᠤ ᠵᠣᠷᠢᠭ ᠰᠠᠨᠠᠭ᠎ᠠ ᠵᠢ ᠪᠠᠳᠠᠷᠠᠭᠤᠯᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠬᠦ ᠪᠣᠳᠠᠲᠠᠢ ᠠᠵᠢᠯᠯᠠᠬᠤ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠰᠡᠳᠭᠢᠬᠦᠢ ᠪᠠᠷ ᠳᠠᠪᠠᠭᠤᠯᠢᠭ ᠵᠢᠠᠨ ᠪᠠᠳᠠᠷᠠᠭᠤᠯᠵᠤ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠦᠴᠦᠷᠬᠡᠭ ᠶᠡᠭᠡ ᠡᠷᠡᠮᠡᠬᠡᠶᠢᠯᠡᠨ ᠤᠷᠤᠭᠰᠢᠯᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠯᠥᠨ ᠪᠤᠢᠷ ᠤᠨ ᠰᠢᠨ᠎ᠡ ᠬᠠᠭᠤᠳᠠᠰᠤ ᠵᠢ ᠴᠢᠷᠮᠠᠢᠨ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃