ᠵᠤᠬᠢᠶᠠᠭᠴᠢ:
ᠴᠠᠭ:2025-11-21
ᠥᠵᠡᠭᠰᠡᠨ : ℃
ᠢᠷᠡᠯᠲᠡ: ᠬᠥᠯᠥᠨ ᠪᠣᠶᠢᠷ ᠬᠤᠲᠠ ᠢᠢᠨ ᠠᠷᠠᠳ ᠤᠨ ᠵᠠᠰᠠᠭ ᠤᠨ ᠣᠷᠳᠣᠨ
ᠬᠣᠲᠠ ᠵᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ
2025 11 ᠰᠠᠷ᠎ᠠ ᠶᠢᠨ 12 ᠡᠳᠦᠷ᠂ ᠬᠣᠲᠠ ᠵᠢᠨ ᠨᠠᠮ ᠤᠨ ᠬᠤᠷᠢᠶᠠᠨ ᠤ ᠱᠦᠵᠢ ᠸᠠᠩ ᠸᠠᠩ ᠱᠧᠩ᠂ ᠬᠤᠲᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠵᠢᠨ ᠳᠠᠷᠤᠭ᠎ᠠ ᠵᠶᠢ ᠶᠦᠩ ᠴᠢᠶᠠᠨ ᠳᠤᠮᠳᠠᠳᠤ ᠤᠯᠤᠰ ᠤᠨ ᠡᠨᠧᠷᠭᠢ ᠵᠢᠨ ᠪᠥᠲᠥᠭᠡᠨ ᠵᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠵᠢᠨ ᠲᠡᠷᠢᠭᠦᠨ ᠰᠢᠨᠵᠢᠯᠡᠬᠦ ᠤᠬᠠᠭᠠᠨᠲᠠᠳ᠂ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ᠂ ᠴᠠᠬᠢᠯᠭᠠᠨ ᠬᠦᠴᠦᠨ ᠤ ᠲᠥᠯᠥᠪᠵᠢᠭᠦᠯᠭᠡ ᠵᠢᠷᠤᠭ ᠲᠥᠯᠥᠪᠯᠡᠭᠡ ᠵᠢᠨ ᠶᠡᠷᠦᠩᠬᠡᠶ ᠬᠦᠷᠢᠶᠡᠯᠡᠩ ᠤᠨ ᠳᠠᠷᠤᠭ᠎ᠠ ᠯᠦᠸᠧ ᠪᠢ ᠰᠢᠶᠦ᠋ᠩ ᠨᠠᠷ ᠲᠠᠢ ᠶᠠᠷᠢᠯᠴᠠᠬᠤ ᠬᠤᠷᠠᠯ ᠬᠢᠪᠠ᠃ ᠬᠤᠶᠠᠷ ᠲᠠᠯ᠎ᠠ ᠪᠠᠷ ᠵᠢᠠᠨ ᠰᠢᠨ᠎ᠡ ᠡᠨᠧᠷᠭᠢ ᠵᠢ ᠨᠡᠭᠡᠭᠡᠨ ᠠᠰᠢᠭᠯᠠᠬᠤ᠂ ᠡᠨᠧᠷᠭᠢ ᠵᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠤᠯᠠᠷᠢᠭᠤᠯᠬᠤ ᠪᠠ ᠥᠨᠳᠥᠷ ᠪᠦᠲᠦᠮᠵᠢᠲᠡᠢ ᠪᠠᠷ ᠭᠠᠳᠠᠭᠰᠢ ᠬᠦᠷᠭᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠵᠢᠨ ᠲᠣᠭᠤᠷᠢᠨ ᠳᠤ ᠰᠠᠨᠠᠯ ᠵᠢᠠᠨ ᠭᠦᠨᠵᠡᠭᠡᠢ ᠰᠣᠯᠢᠯᠴᠠᠪᠠ᠃
ᠸᠠᠩ ᠸᠠᠩ ᠱᠧᠩ ᠯᠦᠸᠧ ᠪᠢ ᠰᠢᠶᠦ᠋ᠩ ᠨᠠᠷ ᠢ ᠪᠠᠶᠠᠷᠯᠠᠨ ᠤᠭᠲᠤᠵᠤ ᠪᠠᠨ ᠢᠯᠡᠳᠬᠡᠪᠡ᠃ ᠲᠡᠷᠡ᠂ ᠵᠢᠨ ᠵᠢᠯ ᠠᠴᠠ ᠨᠠᠭᠠᠰᠢ᠂ ᠬᠥᠯᠥᠨ ᠬᠤᠳᠠ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠣᠷᠢᠶ᠎ᠠ ᠶᠢᠨ ᠤᠳᠠᠭ᠎ᠠ ᠪᠦᠷᠢ ᠵᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠂ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠤᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠤᠬᠢᠷᠠᠭᠤᠯᠤᠯᠳᠠ ᠵᠢ ᠴᠢᠩᠭ᠎ᠠ ᠵᠢᠷᠤᠮᠯᠠᠨ᠂《ᠴᠢᠨᠠᠷ ᠬᠥᠭᠵᠢᠯᠲᠡ᠂ ᠥᠨᠳᠥᠷ ᠲᠦᠪᠰᠢᠨᠲᠤ ᠬᠠᠮᠠᠭᠠᠯᠠᠯᠲᠠ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ》 ᠶᠡᠷᠦᠩᠬᠡᠢ ᠤᠳᠤᠷᠢᠳᠤᠮᠵᠢ ᠵᠢ ᠪᠠᠲᠤ ᠡᠵᠡᠮᠳᠡᠵᠦ᠂ ᠠᠵᠤ ᠦᠢᠯᠡᠰ ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠪᠠᠷ ᠵᠠᠩᠭᠢᠯᠠᠭ᠎ᠠ ᠵᠢᠨ ᠭᠠᠷᠳᠠᠴᠠ ᠪᠣᠯᠭᠠᠵᠤ᠂ ᠤᠯᠤᠰ ᠤᠨ ᠴᠢᠬᠤᠯᠠ ᠡᠨᠧᠷᠭᠢ ᠪᠣᠯᠤᠨ ᠪᠤᠳᠤᠯᠭ᠎ᠠ ᠵᠢᠨ ᠡᠬᠢ ᠪᠠᠶᠠᠯᠢᠭ ᠤᠨ ᠰᠠᠭᠤᠷᠢᠨ ᠤ ᠪᠦᠳᠦᠭᠡᠨ ᠵᠢ ᠪᠦᠬᠦ ᠬᠦᠴᠦᠨ ᠵᠢᠠᠷ ᠠᠬᠢᠭᠤᠯᠪᠠ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠪᠦᠯᠦᠭᠯᠡᠯ ᠨᠢ ᠮᠠᠨ ᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠦᠢᠯᠡᠴᠢᠯᠡᠭᠡᠨ ᠤ ᠬᠦᠷᠢᠶᠡᠨ ᠤ《ᠳᠠᠭᠠᠭᠤᠯᠤᠭᠠᠴᠢ》 ᠪᠣᠯᠣᠭᠰᠠᠨ ᠤ ᠬᠤᠪᠢ ᠳᠤ᠂ ᠢᠨᠵᠧᠨᠧᠷᠢᠩ ᠦᠢᠯᠡᠳᠦᠯᠭᠡ ᠵᠢᠨ ᠲᠤᠷᠰᠢᠯᠭ᠎ᠠ ᠪᠠᠷ ᠡᠯᠪᠡᠭ ᠪᠠᠶᠠᠯᠢᠭ᠂ ᠳᠡᠭᠡᠳᠦ ᠲᠠᠰ ᠤᠨ ᠴᠢᠳᠠᠪᠤᠷᠢᠲᠠᠨ ᠤ ᠡᠬᠢ ᠪᠠᠶᠠᠯᠢᠭ ᠲᠥᠪᠯᠡᠷᠡᠵᠦ᠂ ᠶᠡᠷᠦᠩᠬᠡᠢᠯᠡᠭᠰᠡᠨ ᠪᠣᠳᠠᠲᠤ ᠬᠦᠴᠦᠨ ᠵᠢᠡᠷ ᠴᠢᠩᠭ᠎ᠠ ᠶᠤᠮ᠃ ᠲᠣᠰ ᠤᠳᠠᠭᠠᠨ ᠤ ᠬᠤᠶᠠᠷ ᠲᠠᠯ᠎ᠠ ᠢᠢᠨ ᠲᠥᠰᠦᠪᠯᠡᠭᠰᠡᠨ ᠬᠠᠮᠲᠤᠷᠠᠯᠴᠠᠭᠠᠨ ᠤ ᠲᠥᠷᠥᠯ ᠵᠦᠢᠯ ᠨᠢ ᠬᠥᠯᠥᠨ ᠤᠨ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠵᠡᠷᠭᠡ ᠰᠢᠨ᠎ᠡ ᠡᠨᠧᠷᠭᠢ ᠵᠢᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠵᠢᠨ ᠬᠡᠷᠡᠭᠴᠡᠭᠡ ᠱᠠᠭᠠᠷᠳᠠᠯᠭ᠎ᠠ ᠳᠤ ᠣᠨᠣᠪᠴᠢᠲᠠᠶ ᠵᠣᠬᠢᠴᠠᠵᠤ᠂《ᠠᠷᠪᠠᠨ ᠲᠠᠪᠤᠳᠤᠭᠠᠷ ᠲᠠᠪᠤᠨ ᠵᠢᠯ》 ᠲᠥᠯᠥᠪᠵᠢᠭᠦᠯᠭᠡ ᠵᠢᠨ ᠬᠤᠭᠤᠴᠠᠭᠠᠨ ᠳᠤ ᠰᠢᠨ᠎ᠡ ᠬᠡᠯᠪᠡᠷᠢ ᠵᠢᠨ ᠡᠨᠧᠷᠭᠢ ᠵᠢᠨ ᠰᠢᠰᠲ᠋ᠧᠮ ᠤᠨ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠢᠨᠵᠧᠨᠧᠷᠢᠩ ᠤᠨ ᠵᠦᠪᠯᠡᠬᠦ ᠬᠢᠵᠠᠭᠠᠷᠲᠤ ᠺᠣᠮᠫᠠᠨᠢ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠶᠡᠷᠦᠩᠬᠡᠢᠯᠡᠭᠰᠡᠨ ᠳᠠᠪᠠᠭᠤᠯᠢᠭ ᠵᠢᠠᠨ ᠭᠦᠢᠴᠡᠳ ᠪᠠᠳᠠᠷᠠᠭᠤᠯᠵᠤ᠂ ᠬᠥᠯᠥᠨ ᠤᠨ ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢᠨ ᠲᠣᠭᠲᠠᠯᠴᠠᠭ᠎ᠠ ᠶᠢᠨ ᠳᠤ ᠭᠦᠨᠵᠡᠭᠡᠢ ᠣᠷᠣᠯᠴᠠᠵᠤ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠵᠡᠷᠭᠡ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠦᠷᠦᠯ ᠵᠦᠢᠯ ᠢ ᠨᠠᠢᠳᠠᠪᠤᠷᠢᠵᠢᠭᠤᠯᠤᠨ ᠬᠡᠷᠡᠭᠵᠢᠭᠦᠯᠬᠦ ᠵᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠤᠨ ᠡᠨᠧᠷᠭᠢ ᠵᠢᠨ ᠠᠵᠤ ᠦᠢᠯᠡᠰ ᠤᠨ ᠴᠢᠨᠠᠷ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠵᠢ ᠬᠦᠰᠡᠵᠦ ᠭᠡᠵᠡᠢ᠃
ᠯᠦᠸᠧ ᠪᠢ ᠬᠡᠯᠡᠬᠦ ᠳᠤ ᠪᠠᠨ᠂ ᠬᠥᠯᠦᠨ ᠪᠥᠢᠷ ᠤᠨ ᠭᠠᠵᠠᠷ ᠨᠤᠲᠤᠭ ᠥᠷᠭᠡᠨ ᠠᠭᠤᠳᠠᠮ᠂ ᠰᠢᠨ᠎ᠡ ᠡᠨᠧᠷᠭᠢ ᠵᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠢᠯᠡᠰ ᠤᠨ ᠬᠥᠭᠵᠢᠯᠲᠡ ᠵᠢᠨ ᠳᠠᠯᠳᠠ ᠬᠦᠴᠦᠨ ᠯᠤᠲᠤ ᠶᠡᠭᠡ᠃ ᠠᠵᠤ ᠤᠨ ᠬᠢᠨ ᠣᠷᠣᠨ ᠨᠤᠲᠤᠭ ᠤᠨ ᠠᠵᠤ ᠠᠬᠤᠢ ᠤᠨ ᠬᠥᠭᠵᠢᠯᠲᠡ ᠵᠢᠨ ᠪᠦᠬᠦ ᠲᠠᠯ᠎ᠠ ᠳᠤ ᠦᠢᠯᠡᠴᠢᠯᠡᠬᠦ ᠳᠤ ᠰᠠᠭᠤᠷᠢᠯᠠᠵᠤ᠂ ᠰᠢᠨ᠎ᠡ ᠡᠨᠧᠷᠭᠢ ᠵᠢᠨ ᠨᠡᠭᠡᠭᠡᠨ ᠬᠥᠭᠵᠢᠭᠦᠯᠦᠯᠲᠡ᠂ ᠴᠠᠬᠢᠯᠭᠠᠨ ᠬᠦᠴᠦᠨ ᠤ ᠰᠢᠰᠲ᠋ᠧᠮ ᠢ ᠰᠢᠯᠢᠳᠡᠭᠵᠢᠭᠦᠯᠬᠦ ᠵᠡᠷᠭᠡ ᠬᠠᠮᠲᠤᠷᠠᠯᠴᠠᠭᠠᠨ ᠤ ᠵᠦᠢᠯᠡᠰ ᠢ ᠨᠠᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠵᠢ ᠢᠳᠡᠪᠬᠢᠲᠡᠢ ᠠᠬᠢᠭᠤᠯᠵᠤ᠂ ᠬᠥᠯᠥᠨ ᠬᠤᠳᠠ ᠵᠢᠨ ᠠᠵᠤ ᠠᠬᠤᠢ ᠤᠨ ᠨᠡᠩ ᠴᠢᠨᠠᠷ ᠂ ᠨᠡᠩ ᠦᠷᠬᠦᠯᠵᠢᠯᠡᠬᠦᠢᠴᠡ ᠬᠥᠭᠵᠢᠯᠲᠡ ᠵᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃