ᠵᠤᠬᠢᠶᠠᠭᠴᠢ:
ᠴᠠᠭ:2025-12-08
ᠥᠵᠡᠭᠰᠡᠨ : ℃
ᠢᠷᠡᠯᠲᠡ: ᠬᠥᠯᠥᠨ ᠪᠣᠶᠢᠷ ᠬᠤᠲᠠ ᠢᠢᠨ ᠠᠷᠠᠳ ᠤᠨ ᠵᠠᠰᠠᠭ ᠤᠨ ᠣᠷᠳᠣᠨ
ᠬᠥᠯᠥᠨ ᠪᠤᠢᠷ ᠬᠤᠲᠠ ᠵᠢᠨ ᠤᠯᠤᠰ ᠲᠥᠷᠥ ᠵᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠢᠯᠠᠩ 2025 ᠣᠨ ᠤ ᠠᠷᠪᠠᠳᠤᠭᠠᠷ ᠤᠳᠠᠭ᠎ᠠ ᠵᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
2025 11 ᠳ᠋ᠤᠭᠡᠷ ᠰᠠᠷ᠎ᠠ ᠵᠢᠨ 25 ᠤ ᠡᠳᠦᠷ᠂ ᠬᠤᠲᠠ ᠵᠢᠨ ᠤᠯᠤᠰ ᠲᠥᠷᠥ ᠵᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠢᠯᠠᠩ 2025 ᠣᠨ ᠤ ᠠᠷᠪᠠᠳᠤᠭᠠᠷ ᠤᠳᠠᠭᠠᠨ ᠤ︵ᠥᠷᠭᠡᠳᠬᠡᠭᠰᠡᠨ︶ᠬᠤᠷᠠᠯ ᠬᠤᠷᠠᠯᠳᠤᠭᠤᠯᠪᠠ᠃ ᠬᠤᠲᠠ ᠵᠢᠨ ᠤᠯᠤᠰ ᠲᠥᠷᠥ ᠵᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠢᠯᠠᠩ ᠤᠨ ᠱᠦᠵᠢ᠂ ᠲᠡᠷᠢᠭᠦᠯᠡᠭᠴᠢ ᠯᠢᠦᠶ ᠬᠦᠶ ᠾᠧ ᠬᠤᠷᠠᠯ ᠢ ᠡᠷᠭᠢᠯᠡᠪᠡ᠃
ᠬᠤᠷᠠᠯ ᠠᠴᠠ ᠶᠡᠷᠦᠩᠬᠡᠢ ᠱᠦᠵᠢ ᠰᠢ ᠵᠢᠨ ᠫᠢᠩ ᠤᠨ ᠤᠢᠷ᠎ᠠ ᠵᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠪᠣᠯᠤᠨ ᠨᠡᠢᠢᠲᠡᠯᠡᠭᠰᠡᠨ ᠴᠢᠬᠤᠯᠠ ᠵᠣᠬᠢᠶᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠠ ᠬᠤᠷᠠᠯ᠂ ᠬᠤᠳᠠ ᠵᠢᠨ ᠨᠠᠮ ᠤᠨ ᠬᠤᠷᠢᠶ᠎ᠠ ᠵᠢᠨ ᠲᠠᠪᠤᠳᠤᠭᠠᠷ ᠬᠤᠭᠤᠴᠠᠭᠠᠨ ᠤ ᠠᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠬᠤᠳᠠ ᠵᠢᠨ ᠤᠯᠤᠰ ᠲᠦᠷᠦ ᠵᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠡᠯᠡᠳᠬᠡᠯ ᠠᠵᠢᠯ ᠢ ᠲᠤᠬᠢᠷᠠᠭᠤᠯᠤᠨ
ᠬᠤᠷᠠᠯ ᠠᠴᠠ᠂ ᠶᠡᠷᠦᠩᠬᠡᠢ ᠱᠦᠵᠢ ᠰᠢ ᠵᠢᠨ ᠫᠢᠩ ᠤᠨ ᠤᠢᠷ᠎ᠠ ᠵᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ᠂ ᠬᠤᠳᠠ ᠵᠢᠨ ᠨᠠᠮ ᠤᠨ ᠬᠤᠷᠢᠶ᠎ᠠ ᠵᠢᠨ ᠲᠠᠪᠤᠳᠤᠭᠠᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢᠳᠠᠪᠤᠷᠢᠵᠢᠭᠤᠯᠵᠤ᠂ ᠬᠤᠳᠠ ᠵᠢᠨ ᠤᠯᠤᠰ ᠲᠦᠷᠦ ᠵᠢᠨ ᠵᠥᠪᠯᠡᠯᠭᠡᠨ ᠤ ᠡᠯ᠎ᠡ ᠣᠷᠣᠯᠴᠠᠭᠰᠠᠨ ᠨᠢᠭᠡᠴᠢ ᠪᠣᠯᠤᠨ ᠥᠷᠭᠡᠨ ᠤᠯᠠᠨ ᠤᠯᠤᠰ ᠲᠦᠷᠦ ᠵᠢᠨ ᠵᠥᠪᠯᠡᠯᠭᠡᠨ ᠤ ᠭᠡᠰᠢᠭᠦᠳ ᠤᠨ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠢᠢᠯᠠᠭᠠᠬᠤ ᠲᠠᠯ᠎ᠠ ᠪᠠᠷ ᠭᠦᠨᠵᠡᠭᠡᠢᠷᠡᠨ ᠪᠣᠳᠠᠲᠠᠢᠵᠢᠵᠤ᠂ ᠡᠭᠦᠷᠭᠡ ᠲᠤᠰᠢᠶᠠᠯ ᠵᠢᠠᠨ ᠣᠨᠣᠴᠠᠲᠠᠢ ᠭᠦᠢᠴᠡᠳᠬᠡᠬᠦ ᠲᠠᠯ᠎ᠠ ᠪᠠᠷ ᠴᠢᠨᠠᠷ ᠢ ᠳᠡᠭᠡᠭᠰᠢᠯᠡᠭᠦᠯᠦᠨ ᠪᠦᠲᠦᠮᠵᠢ ᠢᠢ ᠨᠡᠮᠡᠭᠳᠡᠭᠦᠯᠵᠦ᠂ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠲᠠᠯ᠎ᠠ ᠪᠠᠷ ᠵᠢᠳᠬᠦᠯ ᠴᠢᠷᠮᠠᠢᠯᠭ᠎ᠠ ᠭᠠᠷᠭᠠᠬᠤ ᠵᠢ ᠬᠦᠳᠦᠯᠦᠨ ᠳᠠᠭᠠᠭᠤᠯᠬᠤ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠬᠤᠳᠠ ᠵᠢᠨ ᠤᠯᠤᠰ ᠲᠦᠷᠦ ᠵᠢᠨ ᠵᠥᠪᠯᠡᠯᠭᠡᠨ ᠤ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠂ ᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠵᠢ ᠪᠠᠲᠤᠯᠠᠵᠤ᠂ ᠬᠤᠷᠠᠯ ᠤᠨ ᠪᠡᠯᠡᠳᠬᠡᠯ ᠠᠵᠢᠯ ᠢ ᠡᠷᠴᠢᠮᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃