ᠵᠤᠬᠢᠶᠠᠭᠴᠢ: ᠴᠠᠭ:2023-12-08 ᠥᠵᠡᠭᠰᠡᠨ : ᠢᠷᠡᠯᠲᠡ:  ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ  
ᠭᠤᠣᠯ ᠰᠡᠳᠦᠪᠲᠦ ᠬᠥᠮᠦᠵᠢᠯ᠄ ᠪᠦᠬᠦ ᠬᠤᠲᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠶᠠᠳᠤᠭᠠᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠪᠠ

 

12 ᠳ᠋ᠤᠭᠠᠷ ᠰᠠᠷ᠎ᠠ  ᠶᠢᠨ 5 ᠤ ᠡᠳᠦᠷ᠂ ᠪᠦᠬᠦ ᠬᠤᠳᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠶᠠᠳᠤᠭᠠᠷ ᠣᠳᠠᠭᠠᠨ ᠤ ᠠᠬᠢᠭᠤᠯᠬᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠭᠤᠷᠪᠠᠳᠤᠭᠠᠷ ᠲᠣᠭᠤᠷᠢᠨ ᠪᠠᠶᠢᠴᠠᠭᠠᠵᠤ ᠬᠢᠨᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠯᠢ ᠭᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠤᠭᠰᠠᠨ ᠪᠥᠭᠡᠳ ᠶᠠᠷᠢᠶ᠎ᠠ ᠲᠠᠯᠪᠢᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠪᠡ᠃

ᠯᠢ ᠭᠠᠩ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠠᠬᠢᠭᠤᠯᠵᠤ᠂ ᠡᠷᠡᠭᠦᠯ ᠪᠥᠭᠡᠳ ᠡᠮᠬᠢ ᠳᠢᠭᠯᠢᠮ ᠲᠠᠢ᠂ ᠪᠠᠶᠢᠳᠠᠯ ᠰᠠᠶᠢᠨ ᠪᠠᠶᠢᠵᠤ᠂ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠠᠢ᠃ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠶᠢ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠶᠢ ᠲᠠᠷᠢᠬᠢᠨ ᠳᠠᠭᠠᠨ ᠬᠠᠳᠠᠩᠰᠢᠭᠤᠯᠤᠨ ᠰᠡᠳᠬᠢᠯ ᠳᠡᠭᠡᠨ ᠰᠠᠭᠤᠭᠳᠠᠭᠤᠯᠬᠤ ᠶᠢ ᠠᠬᠢᠭᠤᠯᠵᠤ᠂ ᠪᠦᠬᠦᠯᠢ ᠴᠣᠭᠴᠠ ᠪᠠᠷ ᠨᠢ ᠡᠵᠡᠮᠳᠡᠵᠦ᠂ ᠨᠡᠪᠲᠡᠷᠡᠳᠡᠯ᠎ᠡ ᠣᠶᠢᠯᠠᠭᠠᠵᠤ᠂ ᠰᠢᠩᠭᠡᠭᠡᠬᠦ᠂ ᠭᠦᠨᠵᠡᠭᠡᠶᠢᠷᠡᠭᠦᠯᠬᠦ᠂ ᠬᠤᠪᠢᠷᠠᠭᠤᠯᠬᠤ ᠠᠵᠢᠯ  ᠢᠶᠠᠨ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠳᠠᠲᠠᠢ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠪᠣᠳᠠᠲᠤ ᠪᠠᠶᠢᠳᠠᠯ ᠢ ᠪᠠᠶᠢᠴᠠᠭᠠᠬᠤ᠂ ᠪᠣᠳᠠᠲᠠᠢ ᠠᠷᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠶᠢ ᠪᠠᠶᠢᠴᠠᠭᠠᠨ ᠰᠤᠳᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠨ ᠨᠡᠩ ᠤᠯᠠᠨ ᠦᠢᠯᠡᠳᠦᠯᠭᠡ ᠶᠢᠨ ᠦᠷ᠎ᠡ ᠪᠦᠲᠦᠭᠡᠯ᠂ ᠳᠦᠷᠢᠮ ᠤᠨ ᠦᠷ᠎ᠡ ᠪᠦᠲᠦᠭᠡᠯ᠂ ᠤᠨᠤᠯ ᠤᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠦᠨᠡᠨᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠪᠣᠳᠠᠲᠤ ᠦᠷ᠎ᠡ ᠪᠦᠲᠦᠮᠵᠢ ᠶᠢ ᠪᠡᠶᠡᠯᠡᠭᠦᠯᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠶᠢᠴᠠᠭᠠᠨ ᠦᠵᠡᠬᠦ ᠴᠢᠬᠤᠯᠠ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠬᠦᠴᠢᠷ ᠶᠠᠪᠤᠳᠠᠯ ᠢ ᠨᠢ ᠰᠢᠢᠳᠪᠦᠷᠢᠯᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠤᠯᠬᠤ ᠶᠢ ᠴᠢᠩᠭ᠎ᠠ ᠠᠩᠬᠠᠷᠴᠤ᠂ ᠰᠠᠨᠠᠭᠠᠰᠢᠷᠠᠨ ᠵᠣᠪᠠᠨᠢᠬᠤ ᠤᠬᠠᠮᠰᠠᠷ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠠᠵᠢᠯ ᠦᠢᠯᠡᠰ ᠤᠨ ᠬᠥᠭᠵᠢᠯᠲᠡ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ᠃ ᠦᠨᠡᠨ ᠢ ᠪᠠᠷᠢᠮᠲᠠᠯᠠᠨ ᠬᠠᠲᠠᠭᠤ ᠠᠰᠠᠭᠤᠳᠠᠯ ᠢ ᠬᠦᠨᠳᠡᠬᠦ ᠶᠢ ᠪᠠᠷᠢᠮᠲᠠᠯᠠᠵᠤ᠂ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠭᠦᠨᠵᠡᠭᠡᠶᠢᠷᠡᠭᠦᠯᠵᠦ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠦᠨᠵᠡᠭᠡᠢ ᠨᠠᠷᠢᠯᠢᠭ ᠬᠢᠬᠦ ᠶᠢ ᠪᠠᠷᠢᠮᠲᠠᠯᠠᠵᠤ᠂ 《ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠤᠨᠤᠰᠴᠦ᠂ ᠨᠠᠮ ᠢᠶᠠᠨ ᠡᠭᠦᠷᠢᠳᠡ ᠲᠠᠭᠠᠶ᠎ᠠ》 ᠭᠡᠬᠦ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠪᠠ ᠭᠤᠣᠯ ᠰᠡᠳᠦᠪᠲᠦ ᠬᠥᠮᠦᠵᠢᠯ ᠢ ᠤᠶᠠᠯᠳᠤᠭᠤᠯᠤᠨ ᠨᠢᠭᠡ ᠴᠣᠭᠴᠠᠵᠢᠭᠤᠯᠤᠨ ᠠᠬᠢᠭᠤᠯᠵᠤ᠂ ᠤᠨᠢᠨ ᠳᠡᠭᠡᠷ᠎ᠡ ᠨᠢ ᠲᠦᠷᠦᠯ ᠬᠤᠪᠢᠶᠠᠨ ᠲᠦᠷᠦ ᠶᠢᠨ ᠪᠣᠳᠣᠯᠭ᠎ᠠ ᠬᠡᠷᠡᠭᠵᠢᠭᠦᠯᠵᠦ᠂ ᠰᠠᠶᠢᠨ ᠲᠤᠷᠰᠢᠯᠭ᠎ᠠ᠂ ᠰᠠᠶᠢᠨ ᠠᠷᠭ᠎ᠠ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠳ᠋ᠦᠩᠨᠡᠬᠦ ᠪᠠᠷ ᠲᠠᠮᠵᠢᠨ ᠳᠡᠷᠭᠡᠳᠡᠬᠢ ᠦᠯᠢᠭᠡᠷ ᠢᠶᠠᠨ ᠶᠠᠷᠢᠬᠤ᠂ ᠤᠬᠠᠭᠤᠯᠤᠨ ᠲᠠᠶᠢᠯᠪᠤᠷᠢᠯᠠᠬᠤ᠂ ᠪᠣᠳᠠᠲᠤ ᠶᠠᠪᠤᠳᠠᠯ ᠬᠢᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠯᠠᠨ ᠲᠦᠮᠡᠨ ᠤ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠭᠤᠣᠯ ᠰᠡᠳᠦᠪᠲᠦ ᠬᠥᠮᠦᠵᠢᠯ ᠢ ᠪᠦᠬᠦ ᠵᠢᠯ ᠤᠨ ᠠᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠯᠦᠭᠡ ᠨᠢᠭᠲᠠ ᠤᠶᠠᠯᠳᠤᠭᠤᠯᠵᠤ᠂ ᠬᠥᠮᠦᠵᠢᠯ ᠦᠢᠯᠡᠳᠦᠯᠭᠡ ᠶᠢᠨ ᠬᠤᠶᠠᠷ ᠲᠠᠯ᠎ᠠ ᠶᠢ ᠠᠳᠬᠤᠵᠤ ᠬᠤᠶᠠᠷ ᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠨᠢᠭᠡ ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠲᠠᠯᠪᠢᠵᠤ᠂ ᠭᠤᠣᠯ ᠰᠡᠳᠦᠪ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠠᠵᠢᠯ ᠤᠨ ᠪᠠᠷᠢᠮᠵᠢᠶ᠎ᠠ ᠪᠠᠨ ᠥᠨᠳᠥᠷ ᠪᠣᠯᠭᠠᠵᠤ᠂ 《ᠪᠣᠳᠠᠲᠠᠢ》 ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠤᠱᠯᠠᠭᠤᠯᠵᠤ᠂ ᠡᠯ᠎ᠡ ᠵᠦᠢᠯ ᠤᠨ ᠲᠣᠭᠲᠠᠭᠰᠠᠨ ᠠᠵᠢᠯᠯᠠᠭ᠎ᠠ ᠶᠢ ᠨᠡᠩ ᠥᠨᠳᠥᠷ ᠶᠠᠰᠤ ᠴᠢᠨᠠᠷᠲᠠᠢ ᠪᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠢᠶᠠᠨ ᠰᠠᠶᠢᠲᠤᠷ ᠡᠭᠢᠯᠡᠬᠦᠯᠬᠦ ᠳᠡᠭᠡᠷ᠎ᠡ ᠬᠦᠴᠦ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠶᠢ ᠭᠤᠣᠯ ᠰᠡᠳᠦᠪᠲᠦ ᠬᠥᠮᠦᠵᠢᠯ ᠤᠨ ᠪᠦᠬᠦ ᠶᠠᠪᠤᠴᠠ᠂ ᠡᠯ᠎ᠡ ᠲᠠᠯ᠎ᠠ ᠳᠤ ᠲᠤᠤᠱᠯᠠᠭᠤᠯᠬᠤ ᠬᠡᠷᠡᠭᠲᠡᠢ︔ ᠲᠣᠭᠲᠠᠭᠠᠭᠰᠠᠨ ᠲᠤᠰᠬᠠᠢ ᠴᠡᠭᠴᠡᠯᠡᠨ ᠵᠠᠰᠠᠬᠤ ᠪᠠ ᠪᠠᠶᠢᠴᠠᠭᠠᠨ ᠦᠵᠡᠵᠦ ᠴᠡᠭᠴᠡᠯᠡᠨ ᠵᠠᠰᠠᠬᠤ ᠠᠰᠠᠭᠤᠳᠠᠯ ᠢᠶᠠᠨ ᠬᠦᠴᠦᠲᠡᠢ ᠪᠥᠭᠡᠳ ᠪᠦᠲᠦᠮᠵᠢᠲᠡᠶ ᠶᠠᠪᠤᠭᠳᠠᠭᠤᠯᠬᠤ ᠶᠢ ᠲᠦᠯᠬᠢᠨ ᠠᠬᠢᠭᠤᠯᠬᠤ ᠬᠡᠷᠡᠭᠳᠡᠢ︔ ᠪᠣᠳᠠᠲᠤ ᠶᠠᠪᠤᠳᠠᠯ ᠢ ᠪᠦᠲᠦᠭᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠤ ᠰᠠᠭᠤᠷᠢᠯᠠᠨ᠂ ᠠᠷᠠᠳ ᠤᠯᠠᠨ ᠤ ᠪᠠᠴᠢᠮ ᠬᠦᠴᠢᠷ ᠵᠤᠪᠠᠨᠢᠯ ᠡᠷᠡᠮᠡᠯᠵᠡᠯ ᠤᠨ ᠠᠰᠠᠭᠤᠳᠠᠯ ᠢ ᠲᠥᠪᠯᠡᠷᠡᠭᠦᠯᠦᠨ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠳᠤ ᠦᠢᠯᠡ ᠠᠵᠢᠯᠯᠠᠭ᠎ᠠ᠂ ᠬᠤᠪᠢᠷᠠᠯᠲᠠ ᠶᠢ ᠦᠵᠡᠭᠦᠯᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠲᠠᠯ᠎ᠠ ᠪᠠᠷ ᠬᠦᠴᠦ ᠲᠠᠯᠪᠢᠵᠤ᠂ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠬᠦᠴᠦᠯᠡᠨ ᠠᠭᠤᠳᠠᠯᠤᠨ ᠪᠣᠶᠢᠵᠢᠭᠤᠯᠵᠤ᠂ ᠪᠦᠲᠦᠮᠵᠢᠲᠡᠶ ᠠᠷᠭ᠎ᠠ ᠬᠢᠳᠡᠯ ᠪᠠ ᠠᠮᠵᠢᠯᠲᠠ ᠲᠠᠢ ᠰᠦᠪᠡᠭᠴᠢᠯᠡᠯᠲᠡ ᠶᠢ ᠳ᠋ᠦᠩᠨᠡᠵᠦ᠂ ᠭᠤᠣᠯ ᠰᠡᠳᠦᠪᠲᠦ ᠬᠥᠮᠦᠵᠢᠯ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠴᠢᠨᠠᠷ ᠰᠠᠶᠢᠲᠠᠢ᠂ ᠰᠠᠶᠢᠨ ᠦᠷ᠎ᠡ ᠪᠦᠲᠦᠮᠵᠢ ᠣᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ ᠭᠡᠵᠡᠢ᠃

ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠤᠳᠠ ᠲᠣᠭᠤᠷᠢᠭ ᠤᠨ ᠪᠠᠶᠠᠨᠰᠠᠶᠢᠨ ᠵᠡᠭᠡᠯᠢ ᠭᠤᠲᠤᠮᠵᠢ ᠶᠢᠨ ᠰᠢᠶᠠᠨ ᠹᠧᠩ ᠨᠡᠶᠢᠭᠡᠮ ᠲᠣᠭᠤᠷᠢᠭ᠂ ᠬᠠᠶᠢᠨᠠᠨ ᠲᠣᠭᠤᠷᠢᠭ ᠤᠨ ᠷᠠᠰᠢᠵᠦᠩ ᠵᠡᠭᠡᠯᠢ ᠭᠤᠲᠤᠮᠵᠢ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠦᠬᠠᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ᠂ ᠦᠬᠠᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠪᠠᠯᠭᠠᠰᠤ ᠶᠢᠨ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠵᠢᠯ ᠢᠶᠠᠨ ᠥᠷᠨᠢᠭᠦᠯᠦᠭᠰᠡᠨ ᠪᠠᠶᠢᠳᠠᠯ ᠤᠨ ᠲᠤᠬᠠᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠡ᠃ 

 

 


   :                    
   :           
备案序号:蒙ICP备05003250号 公安备案15010502000173