ᠵᠤᠬᠢᠶᠠᠭᠴᠢ:
ᠴᠠᠭ:2024-04-30
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ︵ᠥᠷᠭᠡᠳᠬᠡᠭᠰᠡᠨ︶ᠬᠠᠮᠲᠤ ᠶᠢᠨ ᠰᠤᠷᠤᠯᠴᠠᠯᠭ᠎ᠠ ᠡᠷᠭᠢᠯᠡᠪᠡ
2024 4 ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠤᠨ ᠰᠤᠷᠤᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ︵ᠥᠷᠭᠡᠳᠬᠡᠭᠰᠡᠨ︶ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ 《ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠥᠭᠬᠦ ᠳᠦᠷᠢᠮ》 ᠢ ᠬᠢᠨᠠᠮᠠᠭᠠᠢ ᠰᠤᠷᠤᠯᠴᠠᠨ ᠣᠶᠢᠯᠠᠭᠠᠵᠤ᠂ ᠬᠤᠲᠠ ᠶᠢᠨ ᠱᠠᠲᠤᠨ ᠤ ᠤᠳᠤᠷᠢᠳᠬᠤ ᠺᠠᠳ᠋ᠷᠴᠤᠳ ᠤᠨ ᠥᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠪᠠᠳᠠᠷᠠᠭᠤᠯᠤᠨ᠂ ᠪᠥᠬᠦ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠵᠢᠱᠢᠶ᠎ᠡ ᠦᠵᠡᠭᠦᠯᠦᠨ ᠳᠠᠶᠢᠴᠢᠯᠠᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠷᠠᠯ ᠢ ᠡᠷᠭᠢᠯᠡᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠼᠦᠢ ᠵᠢᠩ ᠶᠢᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ 《ᠬᠤᠶᠠᠷ ᠳᠠᠷᠤᠭ᠎ᠠ》 ᠣᠷᠣᠯᠴᠠᠪᠠ᠃
ᠨᠣᠮ ᠤᠩᠰᠢᠬᠤ ᠠᠩᠭᠢ ᠨᠢ ᠲᠥᠪᠯᠡᠷᠡᠭᠦᠯᠦᠨ ᠰᠣᠷᠣᠯᠴᠠᠬᠤ ᠪᠠ ᠥᠪᠡᠷ ᠢᠶᠠᠨ ᠰᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠬᠠᠪᠰᠤᠷᠤᠨ ᠵᠢᠯᠤᠭᠣᠳᠤᠭᠤᠯᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠪᠠᠷ 《ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠥᠭᠬᠦ ᠳᠦᠷᠢᠮ》 ᠢ ᠭᠦᠨᠵᠡᠭᠡᠢ ᠰᠤᠷᠤᠯᠴᠠᠪᠠ᠃ ᠨᠣᠮ ᠤᠩᠰᠢᠬᠤ ᠠᠩᠭᠢ ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠯᠢᠦ ᠬᠦᠶ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ 《ᠳᠦᠷᠢᠮ》 ᠳᠤ ᠪᠥᠬᠦ ᠲᠠᠯ᠎ᠠ ᠶᠢᠨ ᠰᠢᠰᠲ᠋ᠧᠮ ᠲᠠᠢ ᠲᠠᠶᠢᠯᠪᠤᠷᠢᠯᠠᠯᠲᠠ ᠲᠠᠶᠢᠯᠤᠮᠵᠢ ᠬᠢᠪᠡ︔ ᠼᠦᠢ ᠵᠢᠩ ᠶᠢᠩ᠂ ᠹᠧᠩ ᠰᠢᠤᠸᠠᠢ ᠲᠤᠤ᠂ ᠰᠦᠨ ᠬᠤᠤ᠂ ᠯᠢ ᠠᠩ᠂ ᠯᠢ ᠴᠦᠨ ᠰᠢᠶᠣᠣ᠂ ᠶᠠᠨ ᠳ᠋ᠦᠩ᠂ ᠬᠤᠤ ᠰᠢ ᠬᠤᠩ᠂ ᠯᠢ ᠳ᠋ᠦᠩ᠂ ᠮᠧᠩ ᠫᠧᠢ ᠶᠦᠨ᠂ ᠷᠤᠤ ᠴᠥᠩ ᠱᠣ᠋ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠡ᠃ ᠣᠯᠠᠨ ᠢᠶᠠᠷ ᠢᠶᠠᠨ ᠰᠠᠨᠠᠯ ᠨᠢᠭᠡᠲᠠᠢ ᠦᠵᠡᠭᠰᠡᠨ ᠨᠢ᠂ ᠬᠠᠮᠲᠤ ᠶᠢᠨ ᠰᠤᠷᠤᠯᠴᠠᠯᠭ᠎ᠠ ᠪᠠᠷ ᠳᠡᠮᠵᠢᠨ᠂ 《ᠳᠦᠷᠢᠮ》 ᠳᠤ ᠵᠠᠰᠠᠪᠤᠷᠢ ᠣᠷᠣᠭᠤᠯᠤᠭᠰᠠᠨ ᠤ ᠴᠢᠬᠤᠯᠠ ᠠᠴᠢ ᠬᠤᠯᠪᠣᠭᠳᠠᠯ᠂ ᠠᠯᠤᠰ ᠬᠡᠳᠦ ᠶᠢᠨ ᠪᠣᠳᠣᠯᠬᠢᠯᠠᠯ ᠳᠤ ᠨᠡᠩ ᠪᠦᠬᠦ ᠲᠠᠯ᠎ᠠ ᠶᠢᠨ ᠲᠠᠨᠢᠯᠲᠠ ᠲᠠᠢ ᠪᠣᠯᠵᠤ᠂ ᠰᠠᠬᠢᠯᠭ᠎ᠠ ᠪᠠᠲᠤ ᠶᠢᠨ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ 《ᠳᠦᠷᠢᠮ》 ᠤᠨ ᠰᠤᠷᠤᠯᠴᠠᠯᠭ᠎ᠠ ᠶᠢ ᠡᠳᠦᠷ ᠲᠤᠳᠤᠮ ᠤᠨ ᠠᠵᠢᠯ ᠳᠠᠭᠠᠨ ᠠᠭᠤᠰᠬᠠᠵᠤ᠂ ᠪᠠᠶᠢᠩᠭᠤ ᠠᠳᠬᠤᠵᠤ᠂ ᠳᠠᠭᠠᠭᠤᠯᠤᠨ ᠰᠤᠷᠤᠯᠴᠠᠬᠤ ᠠᠭᠢᠭᠤᠯᠤᠨ ᠰᠤᠷᠤᠯᠴᠠᠬᠤ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠵᠤ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠲᠠᠶᠢᠴᠢᠯᠠᠨ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠡᠷᠡᠰ ᠪᠠᠲᠤ ᠬᠡᠷᠡᠭᠵᠢᠭᠦᠯᠦᠭᠴᠢ᠂ ᠦᠨᠡᠨᠴᠢ ᠰᠢᠳᠤᠷᠭᠤ ᠬᠠᠮᠠᠭᠠᠯᠠᠭᠴᠢ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠬᠦᠯᠬᠦ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠨ᠎ᠠ ᠬᠡᠵᠡᠢ᠃
ᠲᠠᠩ ᠢ ᠤᠯᠠᠨ ᠲᠠᠢ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃ ᠲᠡᠷᠡ ᠬᠡᠯᠡᠭᠰᠡᠨ ᠨᠢ᠂ ᠨᠠᠮ ᠤᠨ ᠰᠠᠬᠢᠯᠭ᠎ᠠ ᠪᠠᠲᠤ ᠪᠣᠯ ᠨᠠᠮ ᠤᠨ ᠠᠮᠢᠨ ᠰᠤᠳᠠᠰᠤ ᠮᠥᠨ᠂ ᠴᠢᠩᠭ᠎ᠠ ᠰᠠᠬᠢᠯᠭ᠎ᠠ ᠪᠠᠲᠤᠴᠢ ᠴᠢᠨᠠᠷ ᠪᠣᠯ ᠨᠠᠮ ᠤᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠪᠠᠲᠤᠯᠠᠬᠤ ᠶᠢᠨ ᠴᠢᠬᠤᠯᠠ ᠪᠠᠲᠤᠯᠠᠭ᠎ᠠ ᠮᠥᠨ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠪᠠ ᠪᠦᠬᠦ ᠲᠠᠯ᠎ᠠ ᠶᠢᠨ ᠥᠨᠳᠥᠷᠴᠡ ᠠᠴᠠ ᠡᠭᠦᠰᠬᠦ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠬᠤᠬᠢᠷᠠᠭᠤᠯᠬᠤ ᠠᠯᠢᠪᠠ ᠬᠦᠴᠦᠨ ᠵᠦᠢᠯ ᠢ ᠡᠷᠡᠰ ᠠᠷᠢᠯᠭᠠᠵᠤ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠯᠴᠢ ᠬᠦᠴᠦᠨ᠂ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ ᠢ ᠳᠠᠰᠤᠷᠠᠯᠳᠠ ᠦᠭᠡᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠬᠠᠢ ᠳᠤ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ᠂ ᠴᠡᠴᠡᠭᠯᠡᠨ ᠵᠢᠮᠢᠰᠯᠡᠭᠦᠯᠬᠦ ᠶᠢ ᠨᠡᠩ ᠡᠷᠡᠰ ᠴᠢᠩᠭ᠎ᠠ ᠬᠦᠴᠦᠲᠡᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠭᠤᠣᠯᠳᠠᠯᠭ᠎ᠠ ᠶᠢ ᠠᠳᠬᠤᠵᠤ᠂ 《ᠵᠢᠷᠭᠤᠭᠠᠨ ᠵᠦᠢᠯ ᠤᠨ ᠰᠠᠬᠢᠯᠭ᠎ᠠ ᠪᠠᠲᠤ》 ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠬᠤ ᠲᠠᠯ᠎ᠠ ᠪᠠᠷ ᠢᠮᠠᠭᠲᠠ ᠪᠠᠷᠢᠮᠲᠠᠯᠠᠨ᠂ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠵᠠᠰᠠᠭ ᠤᠨ ᠵᠠᠷᠯᠢᠭ ᠢ ᠰᠠᠭᠠᠳ ᠦᠭᠡᠢ ᠬᠡᠷᠡᠭᠵᠢᠭᠦᠯᠬᠦ᠂ ᠵᠠᠷᠯᠢᠭ ᠴᠠᠭᠠᠵᠠ ᠶᠢ ᠴᠢᠩᠭ᠎ᠠ ᠰᠠᠬᠢᠬᠤ ᠶᠢ ᠪᠡᠶᠡᠯᠡᠭᠦᠯᠵᠦ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠠᠷᠢᠭᠤᠨ ᠴᠢᠬᠡᠴᠢ ᠪᠠᠶᠢᠬᠤ ᠶᠢ ᠪᠡᠶᠡᠯᠡᠭᠦᠯᠵᠦ᠂ ᠤᠯᠠᠨ ᠲᠦᠮᠡᠨ ᠤ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠵᠣᠷᠢᠯᠲᠠ ᠪᠠᠨ ᠦᠢᠯᠡᠳᠦᠯᠭᠡᠵᠢᠭᠦᠯᠬᠦ᠂ ᠠᠷᠠᠳ ᠤᠨ ᠬᠦᠴᠢᠷ ᠵᠣᠪᠠᠭᠤᠷᠢ ᠶᠢ ᠠᠷᠢᠯᠭᠠᠬᠤ ᠶᠢ ᠪᠡᠶᠡᠯᠡᠭᠦᠯᠵᠦ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠢᠴᠢᠶᠡᠨ ᠴᠢᠷᠮᠠᠶᠢᠵᠤ ᠪᠣᠳᠠᠲᠠᠢ ᠶᠢ ᠡᠷᠬᠢᠮᠯᠡᠬᠦ ᠶᠢ ᠪᠡᠶᠡᠯᠡᠭᠦᠯᠵᠦ᠂ ᠠᠮᠢᠳᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠲᠠᠯ᠎ᠠ ᠪᠠᠷ ᠪᠠᠭ᠎ᠠ ᠳᠡᠭᠡᠷ᠎ᠡ ᠨᠢ ᠰᠡᠷᠭᠡᠶᠢᠯᠡᠵᠦ᠂ ᠡᠷᠲᠡ ᠠᠴᠠ ᠠᠳᠬᠤᠵᠤ ᠪᠠᠭ᠎ᠠ ᠳᠤᠨᠢ ᠠᠳᠬᠤᠬᠤ ᠶᠢ ᠪᠡᠶᠡᠯᠡᠭᠦᠯᠬᠦ ᠬᠡᠷᠡᠭᠲᠡᠢ᠃ ᠬᠠᠷᠠᠯᠲᠠ ᠶᠢᠨ ᠤᠳᠤᠷᠢᠳᠤᠮᠵᠢ ᠶᠢ ᠪᠠᠷᠢᠮᠲᠠᠯᠠᠨ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠰᠢᠪᠠᠳᠠᠵᠤ ᠪᠠᠶᠢᠭᠠᠳ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠬᠤ᠂ ᠰᠤᠷᠴᠤ ᠬᠡᠷᠡᠭᠯᠡᠬᠦ ᠶᠢ ᠤᠶᠠᠯᠳᠤᠭᠤᠯᠬᠤ᠂ ᠪᠡᠶ᠎ᠡ ᠪᠠᠷ ᠢᠶᠠᠨ ᠬᠡᠪ ᠳᠦᠷᠢᠮ ᠪᠣᠯᠬᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠳᠡᠭᠡᠷ᠎ᠡ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠵᠤ᠂ ᠰᠤᠷᠪᠠᠯ ᠣᠯᠣᠯᠲᠠ ᠲᠠᠢ ᠪᠣᠯᠬᠤ᠂ ᠰᠤᠷᠤᠭᠰᠠᠨ ᠢᠶᠠᠨ ᠬᠡᠷᠡᠭᠯᠡᠬᠦ᠂ ᠰᠤᠷᠴᠤ ᠬᠡᠷᠡᠭᠯᠡᠬᠦ ᠶᠢ ᠬᠠᠷᠢᠯᠴᠠᠨ ᠳᠡᠭᠡᠭᠰᠢᠯᠡᠭᠦᠯᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠵᠡᠢ᠃
ᠲᠠᠩ ᠢ ᠬᠡᠯᠡᠭᠰᠡᠨ ᠨᠢ᠂ ᠤᠳᠤᠷᠢᠳᠬᠤ ᠺᠠᠳ᠋ᠷᠴᠣᠳ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ 《ᠵᠠᠩᠭᠢᠯᠠᠭ᠎ᠠ ᠶᠢᠨ ᠴᠥᠭᠡᠨ ᠲᠣᠭᠠᠲᠠᠨ》ᠪᠣᠯᠤᠭᠰᠠᠨ ᠤ ᠬᠤᠪᠢ ᠳᠤ᠂ ᠨᠡᠩ ᠥᠨᠳᠥᠷ ᠪᠠᠷᠢᠮᠵᠢᠶ᠎ᠠ ᠶᠢ ᠲᠤᠭᠳᠠᠭᠠᠵᠤ᠂ ᠨᠡᠩ ᠴᠢᠩᠭ᠎ᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠦᠷᠦᠭᠦᠯᠡᠨ ᠰᠠᠬᠢᠯᠭ᠎ᠠ ᠪᠠᠲᠤ ᠶᠢ ᠰᠤᠷᠤᠯᠴᠠᠵᠤ᠂ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠬᠠᠮᠠᠭᠠᠯᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ᠪᠦᠬᠦ ᠬᠤᠳᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠪᠢᠰᠢᠷᠡᠨ ᠵᠢᠷᠦᠬᠡᠰᠢᠶᠡᠬᠦ ᠰᠡᠳᠬᠢᠯᠭᠡ ᠶᠢ ᠪᠠᠷᠢᠮᠲᠠᠯᠠᠵᠤ᠂ ᠠᠷᠠᠳ ᠲᠦᠮᠡᠨ ᠢ ᠪᠢᠰᠢᠷᠡᠨ ᠵᠢᠷᠦᠬᠡᠰᠢᠶᠡᠵᠦ᠂ ᠵᠣᠬᠢᠶᠠᠨ ᠪᠠᠶᠢᠭᠤᠯᠤᠯᠲᠠ ᠶᠢ ᠪᠢᠰᠢᠷᠡᠨ ᠵᠢᠷᠦᠬᠡᠰᠢᠶᠡᠵᠦ᠂ ᠬᠠᠤᠯᠢ ᠰᠠᠬᠢᠯᠭ᠎ᠠ ᠶᠢ ᠪᠢᠰᠢᠷᠡᠨ ᠵᠢᠷᠦᠬᠡᠰᠢᠶᠡᠵᠦ᠂ ᠡᠷᠬᠡ ᠶᠢ ᠨᠠᠮ ᠪᠠ ᠠᠷᠠᠳ ᠲᠦᠮᠡᠨ ᠠᠴᠠ ᠣᠯᠭᠤᠭᠰᠠᠨ ᠭᠡᠳᠡᠭ ᠢ ᠪᠠᠲᠤ ᠴᠡᠭᠡᠵᠢᠯᠡᠵᠦ᠂ ᠪᠤᠳᠤᠵᠤ ᠰᠡᠳᠭᠢᠭᠰᠡᠨ ᠵᠦᠢᠯ ᠢᠶᠠᠨ ᠴᠥᠮ ᠨᠠᠮ ᠪᠠ ᠠᠷᠠᠳ ᠲᠦᠮᠡᠨ ᠤ ᠵᠣᠭᠰᠣᠯᠲᠠ ᠠᠴᠠ ᠡᠭᠦᠰᠴᠦ᠂ ᠨᠡᠶᠢᠲᠡ ᠶᠢᠨ ᠡᠷᠬᠡ ᠶᠢ ᠨᠡᠶᠢᠲᠡ ᠳᠤ ᠬᠡᠷᠡᠭᠯᠡᠬᠦ᠂ ᠵᠢᠷᠤᠮᠵᠢᠭᠤᠯᠤᠨ ᠠᠵᠢᠯᠯᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠷᠤᠭᠰᠢᠯᠠᠨ ᠲᠠᠪᠰᠢᠬᠤ ᠵᠣᠷᠢᠭ ᠢ ᠪᠠᠷᠢᠮᠲᠠᠯᠠᠵᠤ᠂ ᠠᠵᠢᠯ ᠬᠢᠵᠦ ᠦᠢᠯᠡᠰ ᠪᠣᠰᠬᠠᠬᠤ ᠴᠤᠬ ᠰᠦᠯᠳᠡ ᠪᠠᠨ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠲᠤᠬᠠᠶᠢᠯᠠᠭᠰᠠᠨ ᠠᠵᠢᠯ ᠪᠣᠳᠠᠲᠠᠢ ᠰᠠᠶᠢᠲᠤᠷ ᠠᠵᠢᠯᠯᠠᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠷᠭᠡ ᠠᠰᠢᠭ ᠲᠤ ᠰᠢᠨᠤᠬᠤ ᠦᠭᠡᠢ ᠪᠠᠶᠢᠬᠤ ᠶᠢ ᠪᠠᠷᠢᠮᠳᠠᠯᠠᠵᠤ᠂ ᠡᠷᠡᠭᠦᠯ ᠰᠠᠷᠠᠭᠤᠯ ᠠᠮᠢᠳᠤᠷᠠᠯ ᠤᠨ ᠳᠤᠷ᠎ᠠ ᠰᠣᠨᠢᠷᠬᠠᠯ ᠢ ᠬᠥᠭᠡᠭᠡᠴᠡᠯᠳᠦᠵᠦ᠂ ᠥᠪᠡᠷ ᠢ ᠪᠠᠨ ᠰᠠᠶᠢᠲᠤᠷ ᠬᠠᠮᠢᠶᠠᠷᠴᠤ᠂ ᠭᠡᠷ ᠤᠨ ᠬᠥᠮᠥᠰ ᠢᠶᠠᠨ ᠰᠠᠶᠢᠲᠤᠷ ᠬᠠᠮᠢᠶᠠᠷᠴᠤ᠂ ᠳᠡᠷᠭᠡᠳᠡᠬᠢ ᠬᠥᠮᠥᠰ ᠢᠶᠠᠨ ᠰᠠᠶᠢᠲᠤᠷ ᠬᠠᠮᠢᠶᠠᠷᠴᠤ᠂ ᠠᠷᠢᠭᠤᠨ ᠴᠡᠪᠡᠷ ᠢᠶᠠᠷ ᠠᠵᠢᠯ ᠶᠠᠪᠤᠳᠠᠯ ᠬᠢᠵᠦ᠂ ᠳᠥᠭᠦᠮᠬᠡᠨ ᠠᠮᠢᠳᠤᠷᠠᠯ ᠬᠢᠬᠦ ᠬᠡᠷᠡᠭᠲᠡᠢ᠃ ᠡᠭᠡᠯ ᠵᠢᠷ ᠤᠨ ᠰᠡᠳᠬᠢᠯᠭᠡ ᠶᠢ ᠪᠠᠷᠢᠮᠲᠠᠯᠠᠨ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠂ ᠶᠡᠭᠡ ᠳᠤ ᠳᠤᠷᠠᠯᠠᠵᠤ ᠭᠠᠪᠢᠶ᠎ᠠ ᠪᠠᠶᠢᠭᠤᠯᠬᠤ ᠦᠭᠡᠢ᠂ ᠠᠪᠤᠨ ᠳᠣᠣᠷ᠎ᠠ ᠪᠠᠨ ᠠᠰᠢᠭ ᠣᠯᠬᠤ ᠪᠠᠷ ᠶᠠᠭᠠᠷᠠᠵᠤ᠂ ᠨᠡᠩ ᠤᠯᠠᠨ ᠴᠠᠭ ᠪᠠ ᠤᠶᠤᠨ ᠴᠢᠳᠠᠯ ᠢᠶᠠᠨ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠲᠦᠯᠬᠢᠨ ᠠᠬᠢᠭᠤᠯᠬᠤ ᠳᠡᠭᠡᠷ᠎ᠡ ᠲᠠᠯᠪᠢᠵᠤ᠂ ᠨᠢᠭᠡ ᠬᠤᠭᠤᠴᠠᠭ᠎ᠠ ᠨᠣᠶᠠᠨ ᠰᠠᠭᠤᠪᠠᠯ ᠨᠢᠭᠡ ᠲᠠᠯ᠎ᠠ ᠳᠤ ᠪᠤᠶᠠᠨ ᠦᠢᠯᠡᠳᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠰᠡᠳᠬᠢᠯ ᠬᠠᠩᠬᠤ ᠰᠡᠳᠬᠢᠯᠭᠡ ᠲᠠᠢ ᠪᠠᠶᠢᠵᠤ᠂ 《ᠠᠲᠠᠭᠠᠷᠬᠠᠬᠤ》ᠰᠡᠳᠬᠢᠯᠭᠡ ᠪᠠᠨ ᠲᠠᠶᠠᠭᠳᠠᠵᠤ᠂ ᠶᠠᠳᠠᠭᠤ ᠬᠤᠭᠤᠰᠤᠨ ᠢ ᠪᠠᠷᠢᠮᠳᠠᠯᠠᠨ᠂ ᠤᠶᠢᠳᠬᠠᠷ ᠢ ᠲᠡᠰᠪᠦᠷᠢᠯᠡᠨ᠂ ᠲᠥᠭᠡᠷᠢᠭᠳᠡᠯ ᠢ ᠬᠤᠷᠢᠭᠯᠠᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠬᠠᠰᠢᠯᠭ᠎ᠠ ᠶᠢ ᠴᠠᠭ ᠢᠮᠠᠭᠲᠠ ᠪᠠᠲᠤ ᠴᠣᠭᠴᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠳᠦᠷᠢ ᠲᠥᠷᠬᠦ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ ᠭᠡᠵᠡᠢ᠃