ᠵᠤᠬᠢᠶᠠᠭᠴᠢ:
ᠴᠠᠭ:2025-04-04
ᠥᠵᠡᠭᠰᠡᠨ : ℃
ᠢᠷᠡᠯᠲᠡ:
ᠪᠥᠬᠦ ᠬᠤᠲᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ
2025 4 ᠰᠠᠷ᠎ᠠ ᠶᠢᠨ 1 ᠤ ᠡᠳᠦᠷ᠂ ᠪᠦᠬᠦ ᠬᠤᠲᠠ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠠᠨ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃
ᠬᠤᠷᠠᠯ ᠠᠴᠠ ᠪᠥᠬᠦ ᠤᠯᠤᠰ᠂ ᠪᠥᠬᠦ ᠣᠷᠣᠨ ᠤ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠪᠥᠬᠦ ᠬᠤᠲᠠ ᠶᠢᠨ ᠨᠡᠶᠢᠭᠡᠮ ᠤᠨ ᠠᠵᠢᠯ ᠤᠨ ᠪᠠᠶᠢᠳᠠᠯ ᠢ ᠮᠡᠳᠡᠭᠳᠡᠪᠡ᠃
ᠶᠠᠨ ᠳ᠋ᠦᠩ ᠬᠡᠯᠡᠭᠰᠡᠨ ᠨᠢ᠂ ᠶᠡᠷᠦᠩᠬᠡᠢ ᠱᠦᠵᠢ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠮᠠᠨᠳᠤᠭᠰᠠᠨ ᠬᠦᠷᠢᠶᠡᠨ ᠨᠠᠮ ᠤᠨ ᠪᠠᠶᠢᠭᠤᠯᠤᠯᠲᠠ ᠂ ᠨᠠᠮ ᠤᠨ ᠪᠠᠶᠢᠭᠤᠯᠤᠯᠲᠠ ᠦᠨᠳᠦᠰᠦᠨ ᠱᠠᠲᠤᠨ ᠤ ᠵᠠᠰᠠᠯᠲᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠬᠦᠲᠦᠯᠦᠨ ᠲᠠᠭᠠᠭᠤᠯᠬᠤ ᠬᠡᠷᠡᠭᠲᠡᠢ᠃ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠦᠨ ᠭᠤᠣᠯᠳᠠᠯᠭ᠎ᠠ ᠲᠠᠢ ᠬᠥᠮᠦᠰ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ᠂ ᠵᠥᠷᠢᠴᠡᠯ ᠠᠶᠤᠯ ᠲᠦᠭᠰᠢᠭᠦᠷᠢ ᠶᠢᠨ ᠴᠣᠬᠤᠶᠢᠯᠳᠠ ᠶᠢ ᠰᠡᠷᠭᠡᠶᠢᠯᠡᠨ ᠠᠷᠢᠯᠭᠠᠬᠤ ᠠᠵᠢᠯ ᠢ ᠴᠢᠩᠭ᠎ᠠ ᠪᠦᠭᠡᠳ ᠪᠣᠳᠠᠲᠠᠢ ᠠᠳᠬᠤᠵᠤ᠂ ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ ᠣᠨᠣᠯᠵᠢᠬᠤᠨ ᠢ ᠪᠠᠷᠢᠮᠲᠠᠯᠠᠬᠤ ᠬᠡᠷᠡᠭᠲᠡᠢ᠃ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠠᠭᠤᠰᠤᠯᠴᠠᠭᠤᠯᠤᠨ ᠬᠥᠭᠵᠢᠭᠦᠯᠬᠦ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠤᠨ ᠬᠠᠮᠢᠶᠠᠷᠬᠤ᠂ ᠰᠢᠨ᠎ᠡ ᠪᠠᠷ ᠠᠵᠢᠯ ᠣᠯᠤᠭᠰᠠᠨ ᠬᠥᠮᠦᠰ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠤᠯᠠᠨ ᠲᠦᠮᠡᠨ ᠢ ᠨᠢᠭᠲᠠᠷᠠᠭᠤᠯᠤᠨ ᠦᠢᠯᠡᠴᠢᠯᠡᠬᠦ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ 《ᠬᠥᠯᠭᠡ ᠰᠢᠳᠠᠷ᠎ᠠ》 ᠮᠡᠲᠦ ᠪᠠᠶᠢᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠬᠡᠯᠬᠢᠶ᠎ᠡ ᠪᠠᠨ ᠴᠢᠩᠭᠠᠯᠠᠵᠤ᠂ ᠠᠵᠢᠯᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠬᠢᠵᠦ᠂ ᠤᠷᠢᠳᠠᠪᠡᠷ ᠬᠦᠢᠴᠡᠳᠭᠡᠬᠦ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠬᠠᠢ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠶᠢᠭᠡᠮ ᠤᠨ ᠠᠵᠢᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠡᠢ᠃