ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
ᠬᠤᠲᠠ ᠶᠢᠨ ᠨᠠᠮ ᠤᠨ ᠬᠤᠷᠢᠶᠠᠨ ᠤ ᠣᠨᠣᠯ ᠰᠣᠷᠣᠯᠴᠠᠬᠤ ᠭᠤᠤᠯ ᠳᠤᠭᠤᠶᠢᠯᠠᠩ ᠤᠨ 2025 ᠤᠨ ᠤ 4 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠣᠪᠠ
2025 4 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠣᠨᠣᠯ ᠰᠣᠷᠣᠯᠴᠠᠬᠤ ᠭᠤᠤᠯ ᠳᠤᠭᠤᠶᠢᠯᠠᠩ ᠶᠡᠷᠦᠩᠬᠡᠢ ᠱᠦᠵᠢ ᠰᠢ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠰᠢᠩ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠳᠤ ᠣᠷᠣᠯᠴᠠᠵᠤ᠂ ᠯᠢ ᠠᠩ᠂ ᠯᠢ ᠳ᠋ᠦᠩ᠂ ᠷᠤᠤ ᠴᠥᠩ ᠱᠤ᠋᠂ ᠶᠠᠨ ᠱᠤᠸᠠᠩ ᠰᠠᠨᠠᠯ ᠢᠶᠠᠨ ᠬᠤ ᠦᠭᠡ ᠬᠡᠯᠡᠪᠡ᠃
ᠵᠧᠦ ᠰᠢᠩ ᠬᠡᠯᠡᠭᠰᠡᠨ ᠨᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠪᠣᠯᠤᠨ᠎ᠠ᠂ ᠮᠥᠨᠴᠦ ᠰᠠᠬᠢᠯᠭ᠎ᠠ ᠪᠠᠲᠤ ᠣᠪᠣᠷ ᠰᠤᠷᠲᠠᠯ ᠤᠨ ᠲᠤᠬᠠᠢ ᠨᠢᠭᠡ ᠣᠳᠠᠭᠠᠨ ᠤ ᠲᠠᠬᠢᠨ ᠰᠢᠯᠭᠠᠯᠳᠠ᠂ ᠲᠠᠬᠢᠨ ᠳᠡᠭᠡᠭᠰᠢᠯᠡᠭᠦᠯᠤᠯᠳᠡ ᠪᠣᠯᠤᠨ᠎ᠠ᠃ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠰᠤᠷᠤᠯᠴᠠᠬᠤ ᠰᠡᠳᠬᠢᠬᠦ ᠦᠢᠯᠡᠳᠦᠯᠭᠡᠵᠢᠭᠦᠯᠬᠦ ᠣᠶᠢᠯᠠᠭᠠᠬᠤ ᠳᠤᠮᠳᠠ ᠨᠠᠮᠴᠢ ᠴᠢᠨᠠᠷ ᠢᠶᠠᠨ ᠴᠢᠩᠭᠠᠳᠬᠠᠵᠤ᠂ ᠦᠨᠳᠦᠰᠦ ᠰᠠᠭᠤᠷᠢ ᠪᠠᠨ ᠪᠠᠳᠣᠳᠬᠠᠵᠤ᠂ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠳᠠᠳᠬᠠᠯ ᠪᠠ ᠤᠬᠠᠮᠰᠠᠷᠲᠤ ᠵᠢᠷᠤᠮᠯᠠᠯ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ 《ᠬᠤᠶᠠᠷ ᠢ 》 ᠢ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠩᠭ᠎ᠠ ᠪᠠᠶᠢᠴᠠᠭᠠᠵᠤ ᠪᠣᠳᠠᠲᠠᠢ ᠰᠠᠶᠢᠵᠢᠷᠠᠭᠤᠯᠬᠤ ᠳᠤᠮᠳᠠ ᠠᠷᠬᠠᠭ ᠭᠡᠮ ᠢᠶᠠᠨ ᠵᠠᠰᠠᠵᠤ᠂ ᠬᠠᠷᠢᠭᠤᠴᠠᠯᠭ᠎ᠠ ᠡᠭᠦᠷᠭᠡᠯᠡᠬᠦ ᠶᠢ ᠠᠬᠢᠭᠤᠯᠵᠤ᠂ ᠠᠰᠠᠭᠤᠳᠠᠯ ᠢᠶᠠᠨ ᠪᠣᠳᠠᠲᠠᠢ ᠨᠠᠷᠢᠯᠢᠭ ᠪᠠᠶᠢᠴᠠᠭᠠᠨ ᠳᠡᠯᠭᠡᠵᠦ᠂ ᠬᠠᠷᠠᠯᠲᠠ ᠲᠠᠢ ᠪᠠᠷ ᠴᠡᠭᠴᠡᠯᠡᠨ ᠵᠠᠰᠠᠵᠤ᠂ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠰᠢᠯᠢᠳᠡᠭ ᠰᠤᠷᠲᠠᠯ ᠢᠶᠠᠷ ᠥᠭᠡᠷᠡᠴᠢᠯᠡᠯᠲᠡ ᠶᠢ ᠠᠳᠬᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠤᠯᠠᠨ ᠲᠦᠮᠡᠨ ᠳᠤ ᠦᠢᠯᠡᠴᠢᠯᠡᠬᠦ ᠳᠤᠮᠳᠠ ᠰᠤᠷᠲᠠᠯ ᠢᠶᠠᠨ ᠰᠠᠶᠢᠵᠢᠷᠠᠭᠤᠯᠵᠤ᠂ ᠲᠦᠷᠢ ᠲᠥᠷᠬᠦ ᠪᠠᠨ ᠱᠣᠭᠤᠵᠣ᠂ 《ᠲᠦᠷᠪᠡ ᠶᠢ ᠦᠨᠳᠦᠰᠦᠨ ᠱᠠᠲᠤᠨ ᠳᠤ ᠪᠠᠭᠤᠯᠭᠠᠬᠤ》 ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠯᠠᠨ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠬᠡᠷᠡᠭᠲᠡᠢ᠃ ᠳ᠋ᠦ ᠱᠠᠳᠤ ᠨᠢ ᠷᠠᠲᠦ ᠱᠠᠳᠤ ᠪᠠᠨ ᠳᠠᠭᠠᠭᠤᠯᠬᠤ ᠶᠢ ᠴᠢᠬᠤᠯᠠᠴᠢᠯᠠᠵᠤ᠂ ᠬᠡᠷᠡᠭᠵᠢᠭᠦᠯᠵᠦ ᠨᠠᠶᠢᠳᠠᠪᠤᠷᠢᠵᠢᠭᠤᠯᠬᠤ ᠳᠤᠮᠳᠠ ᠰᠠᠬᠢᠯᠭ᠎ᠠ ᠪᠠᠲᠤ ᠶᠢ ᠴᠢᠩᠳᠠᠯᠠᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠴᠢᠨᠠᠭᠰᠢᠳᠠ ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠲᠦᠷᠢᠮ ᠤᠨ ᠬᠡᠷᠡᠭᠵᠢᠭᠦᠯᠦᠯᠲᠡ ᠶᠢ ᠴᠢᠩᠭ᠎ᠠ ᠠᠳᠬᠤᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃