ᠵᠤᠬᠢᠶᠠᠭᠴᠢ:
ᠴᠠᠭ:2025-05-06
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
ᠬᠤᠲᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠣᠳᠠᠭ᠎ᠠ ᠶᠢᠨ ᠬᠤᠷᠠᠯ ᠬᠤᠷᠠᠯᠳᠤᠪᠠ ᠹᠧᠩ ᠰᠢᠤᠸᠠᠢ ᠲᠤᠤ ᠬᠤᠷᠠᠯ ᠢ ᠡᠷᠭᠢᠯᠡᠪᠡ
2025 4 ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠬᠤᠳᠠ ᠶᠢᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠵᠢᠷᠭᠤᠳᠤᠭᠠᠷ ᠣᠳᠠᠭ᠎ᠠ ᠶᠢᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠪᠠᠶ ᠬᠠᠶ ᠿᠦᠩ᠂ ᠸᠠᠩ ᠶᠢᠨ᠂ ᠴᠡᠩᠭᠡᠯ᠂ ᠰᠥᠩ ᠶᠤᠸᠠᠢ ᠰᠢᠶᠠ᠂ ᠿᠧᠨ ᠵᠢᠶ ᠬᠤᠸᠠ ᠪᠣᠯᠤᠨ ᠨᠠᠷᠢᠨ ᠪᠢᠴᠢᠭ ᠤᠨ ᠳᠠᠷᠤᠭ᠎ᠠ ᠲᠢᠶᠠᠨ ᠵᠦ ᠶᠦᠨ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠨ ᠨᠡᠶᠢᠲᠡ 33 ᠬᠥᠮᠦᠨ ᠬᠤᠷᠠᠯ ᠳᠤ ᠣᠷᠣᠯᠴᠠᠪᠡ᠃
ᠬᠤᠷᠠᠯ ᠠᠴᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠲᠦᠷᠢᠮ》 ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠤᠲᠠ ᠠᠷᠠᠳ ᠤᠨ ᠵᠠᠰᠠᠭ ᠤᠨ ᠣᠷᠳᠣᠨ ᠤ 2024 ᠣᠨ ᠤ ᠪᠥᠬᠦ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠶ ᠶᠢᠨ ᠤᠯᠤᠰ ᠤᠨ ᠥᠮᠴᠢᠯᠡᠯ ᠤᠨ ᠪᠠᠶᠢᠭᠠᠯᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ ᠪᠠᠲᠤᠯᠠᠪᠠ︔ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠵᠠᠰᠠᠭ ᠵᠠᠬᠢᠷᠭᠠᠨ ᠤ ᠰᠢᠭᠦᠨ ᠲᠠᠰᠤᠯᠬᠤ ᠠᠵᠢᠯ ᠤᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠪᠢᠴᠢᠭ ᠤᠨ ᠬᠡᠯᠪᠡᠷᠢ ᠪᠠᠷ ᠰᠣᠨᠣᠰᠴᠤ ᠬᠢᠨᠠᠨ ᠵᠥᠪᠯᠡᠪᠡ︔ 2024 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠪᠠᠶᠢᠳᠠᠯ ᠤᠨ ᠲᠤᠬᠠᠶ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠵᠦᠢᠯᠡᠰ ᠢ ᠪᠠᠲᠤᠯᠠᠪᠠ᠃
ᠹᠧᠩ ᠰᠢᠤᠸᠠᠢ ᠲᠤᠤ ᠵᠢᠭᠠᠵᠤ ᠭᠠᠷᠭᠠᠭᠰᠠᠨ ᠨᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ ᠪᠠ ᠪᠠᠶᠢᠭᠤᠯᠭ᠎ᠠ ᠶᠢᠨ ᠺᠠᠳ᠋ᠷ ᠠᠵᠢᠯᠲᠠᠨ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠥᠬᠡᠶ ᠲᠤᠤᠱᠯᠠᠭᠤᠯᠵᠤ᠂ ᠭᠤᠤᠯ ᠰᠡᠳᠦᠪᠲᠦ ᠬᠥᠮᠦᠵᠢᠯ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠷᠲᠠᠯ ᠤᠨ ᠪᠠᠶᠢᠭᠤᠯᠤᠯᠲᠠ ᠪᠠᠨ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ ᠪᠣᠯᠭᠠᠬᠤ ᠶᠢ ᠠᠬᠢᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠨᠠᠭᠠᠴᠢᠯᠠᠭ᠎ᠠ ᠠᠴᠠ ᠪᠠᠨ ᠪᠦᠬᠦ ᠬᠤᠳᠠ ᠶᠢᠨ ᠶᠡᠭᠡ ᠲᠠᠯ᠎ᠠ ᠳᠤ ᠲᠠᠯᠪᠢᠵᠤ ᠬᠢᠨᠠᠨ ᠦᠵᠡᠵᠦ᠂ ᠠᠷᠭ᠎ᠠ ᠰᠦᠪᠡᠭᠴᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠭᠠᠷᠳᠠᠴᠠ ᠪᠠ ᠬᠦᠴᠦᠯᠡᠬᠦ ᠴᠢᠭ ᠢᠶᠠᠨ ᠣᠨᠣᠪᠴᠢᠲᠠᠢ ᠣᠯᠵᠤ᠂ ᠪᠦᠬᠦ ᠬᠤᠳᠠ ᠶᠢᠨ ᠭᠤᠣᠯ ᠡᠭᠦᠷᠭᠡ ᠯᠦᠭᠡ ᠨᠢᠭᠲᠠ ᠤᠶᠠᠯᠳᠤᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠡᠢ᠃
ᠬᠤᠷᠠᠯ ᠠᠴᠠ ᠪᠠᠰᠠ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠮᠢᠯᠠᠭᠰᠠᠨ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠬᠠᠤᠯᠢ ᠴᠠᠭᠠᠵᠠ ᠶᠢᠨ ᠠᠵᠢᠯᠲᠠᠨ ᠤ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠪᠠ᠃
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ᠂ ᠬᠤᠲᠠ ᠶᠢᠨ ᠳᠡᠳ᠋ ᠳᠠᠷᠤᠭ᠎ᠠ ᠵᠠᠩ ᠸᠧᠶ᠂ ᠵᠠᠩ ᠶᠦᠩ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠵᠣᠣ ᠯᠢᠶᠠᠩ᠂ ᠬᠤᠲᠠ ᠶᠢᠨ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠪᠣᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠵᠢᠴᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠬᠤᠯᠪᠣᠭᠳᠠᠯ ᠪᠥᠬᠦᠶ ᠨᠥᠬᠦᠳ ᠬᠤᠷᠠᠯ ᠳᠤ ᠰᠤᠯᠠ ᠣᠷᠣᠯᠴᠠᠪᠠ᠃