ᠵᠤᠬᠢᠶᠠᠭᠴᠢ:
ᠴᠠᠭ:2025-04-28
ᠥᠵᠡᠭᠰᠡᠨ : ℃
ᠢᠷᠡᠯᠲᠡ:
ᠮᠠᠨ ᠤ ᠬᠤᠲᠠ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠤᠯ ᠰᠡᠳᠦᠪᠲᠦ ᠲᠠᠶᠢᠯᠤᠮᠵᠢ ᠬᠢᠪᠡ
ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠮᠠᠨ ᠤ ᠬᠤᠲᠠ 《ᠵᠠᠭᠤᠨ ᠲᠤᠰᠬᠠᠶ ᠮᠡᠷᠭᠡᠵᠢᠯᠲᠡᠨ ᠠᠶᠢᠮᠠᠭ ᠬᠤᠲᠠ ᠬᠤᠰᠢᠭᠤ ᠰᠢᠶᠠᠨ ᠳᠤ ᠬᠦᠷᠴᠦ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠤᠯᠠᠮᠵᠢᠯᠠᠬᠤ ᠠᠶᠠᠯᠠᠯ》 ᠤᠨ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠭᠤᠤᠯ ᠰᠡᠳᠦᠪᠲᠦ ᠲᠠᠶᠢᠯᠤᠮᠵᠢ ᠡᠷᠭᠢᠯᠡᠵᠦ᠂ ᠪᠠᠶᠢᠭᠤᠯᠭ᠎ᠠ ᠶᠢᠨ ᠺᠠᠳ᠋ᠷ᠂ ᠰᠤᠷᠭᠠᠭᠤᠯᠢ ᠶᠢᠨ ᠪᠠᠭᠰᠢ ᠰᠣᠷᠣᠭᠴᠢ ᠵᠢᠴᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠵᠡᠷᠭᠡ ᠨᠡᠶᠢᠲᠡ ᠲᠦᠮᠡ ᠰᠢᠬᠠᠮ ᠬᠥᠮᠦᠨ ᠢ ᠬᠠᠮᠤᠷᠴᠠᠶ᠃
ᠲᠣᠰ ᠤᠳᠠᠭᠠᠨ ᠤ ᠰᠢᠷᠢᠰ ᠠᠵᠢᠯᠯᠠᠭ᠎ᠠ ᠳᠤ ᠳᠤᠮᠳᠠᠳᠤ ᠤᠯᠤᠰ ᠤᠨ ᠠᠬᠠᠮᠠᠳ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠤ ᠮᠡᠳᠡᠭᠦᠯᠦᠯᠲᠡ ᠶᠢᠨ ᠪᠦᠯᠬᠦᠮ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠬᠠᠮᠠᠳ ᠰᠢᠨᠵᠢᠯᠡᠬᠦ ᠤᠬᠠᠭᠠᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠤᠨ ᠲᠤᠰᠬᠠᠶ ᠮᠡᠷᠭᠡᠵᠢᠯᠲᠡᠨ ᠫᠷᠤᠹᠧᠰᠰᠤᠷ ᠢ ᠤᠷᠢᠵᠤ᠂ ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠵᠡᠷᠭᠡ ᠳᠤ ᠭᠦᠨᠵᠡᠭᠡᠶᠢᠷᠡᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠲᠠᠶᠢᠯᠤᠮᠵᠢ ᠶᠢ 36 ᠲᠠᠯᠠᠪᠤᠷ ᠤᠳᠠᠭ᠎ᠠ ᠥᠷᠨᠢᠭᠦᠯᠵᠦ᠂ ᠲᠤᠰᠬᠠᠶ ᠮᠡᠷᠭᠡᠵᠢᠯᠲᠡᠨ ᠠᠴᠠ ᠬᠢᠴᠢᠶᠡᠯ ᠣᠷᠣᠬᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠠᠰᠠᠭᠤᠯᠲᠠ ᠳᠤ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠪᠤᠷᠤᠭᠵᠢᠭᠤᠨ ᠬᠡᠯᠡ ᠬᠡᠯᠡᠯᠭᠡ ᠪᠠ ᠠᠮᠢᠳᠤᠯᠢᠭ ᠬᠡᠷᠡᠭ ᠤᠨ ᠵᠢᠱᠢᠶ᠎ᠡ ᠪᠠᠷ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠤᠯᠤᠰ ᠤᠨ ᠲᠥᠯᠥᠭᠡ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠬᠤ ᠵᠣᠷᠢᠭ ᠰᠠᠨᠠᠭ᠎ᠠ ᠶᠢ ᠲᠠᠶᠢᠯᠪᠤᠷᠢᠯᠠᠭᠰᠠᠨ ᠪᠠᠶᠢᠨ᠎ᠠ᠃
《ᠥᠩᠭᠡᠷᠡᠭᠰᠡᠨ ᠳᠤ ᠤᠯᠤᠰ ᠤᠨ ᠠᠮᠤᠷ ᠲᠦᠪᠰᠢᠨ ᠪᠢᠳᠡᠨ ᠠᠴᠠ ᠮᠠᠰᠢ ᠬᠤᠯᠠ ᠬᠡᠵᠦ ᠦᠵᠡᠵᠦ ᠪᠠᠶᠢᠭᠰᠠᠨ ᠶᠤᠮ᠂ ᠲᠠᠶᠢᠯᠤᠮᠵᠢ ᠶᠢ ᠰᠣᠨᠣᠰᠣᠭᠠᠳ ᠪᠢᠳᠡᠨ ᠤ ᠡᠳᠦᠷ ᠲᠤᠳᠤᠮ ᠤᠨ ᠠᠮᠢᠳᠤᠷᠠᠯ ᠤᠨ ᠳᠤᠮᠳᠠᠬᠢ ᠮᠠᠰᠢ ᠤᠯᠠᠨ ᠨᠠᠷᠢᠨ ᠵᠦᠢᠯᠡᠰ ᠴᠥᠮ ᠤᠯᠤᠰ ᠤᠨ ᠠᠮᠤᠷ ᠲᠦᠪᠰᠢᠨ ᠳᠤ ᠬᠤᠯᠪᠣᠭᠳᠠᠵᠤ ᠪᠠᠶᠢᠨ᠎ᠠ ᠭᠡᠰᠡᠨ ᠢ ᠮᠡᠳᠡᠵᠡᠢ᠂ ᠵᠢᠱᠢᠶᠡᠯᠡᠪᠡᠯ ᠬᠢᠯᠢ ᠶᠢᠨ ᠭᠠᠳᠠᠨᠠᠬᠢ ᠬᠦᠴᠦᠨ ᠤ ᠨᠡᠪᠴᠢᠯᠲᠡ ᠵᠡᠷᠭᠡ ᠪᠠᠭᠳᠠᠨ᠎ᠠ》ᠭᠡᠵᠦ ᠠᠵᠢᠯᠯᠠᠭ᠎ᠠ ᠳᠤ ᠣᠷᠣᠯᠴᠠᠭᠰᠠᠨ ᠰᠤᠷᠤᠭᠴᠢ ᠮᠠ ᠢᠦᠢ ᠬᠠᠨ ᠬᠡᠯᠡᠪᠡ᠃
ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠣᠯᠠᠨ ᠲᠦᠮᠡᠨᠴᠢᠯᠡᠭᠰᠡᠨ ᠣᠨᠣᠯ ᠤᠨ ᠤᠬᠠᠭᠤᠯᠬᠤ ᠲᠠᠶᠢᠯᠤᠮᠵᠢ ᠶᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠯᠠᠮᠵᠢᠯᠠᠵᠤ ᠬᠠᠮᠠᠭᠠᠯᠠᠬᠤ ᠪᠤᠯᠭᠠᠨ᠎ᠠ᠃