ᠵᠤᠬᠢᠶᠠᠭᠴᠢ:
ᠴᠠᠭ:2025-04-30
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠢ ᠬᠥᠬᠢᠭᠦᠯᠦᠨ ᠰᠠᠶᠢᠰᠢᠶᠠᠬᠤ ᠬᠤᠷᠠᠯ ᠵᠢᠴᠢ ᠤᠯᠠᠷᠢᠯ ᠤᠨ ᠠᠵᠢᠯ ᠤᠨ ᠦᠨᠡᠯᠡᠯᠲᠡ ᠶᠢᠨ ᠬᠤᠷᠠᠯ ᠬᠤᠷᠠᠯᠳᠤᠪᠠ
2025 4 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠢ ᠬᠥᠬᠢᠭᠦᠯᠦᠨ ᠰᠠᠶᠢᠰᠢᠶᠠᠬᠤ ᠬᠤᠷᠠᠯ ᠵᠢᠴᠢ ᠤᠯᠠᠷᠢᠯ ᠤᠨ ᠠᠵᠢᠯ ᠤᠨ ᠦᠨᠡᠯᠡᠯᠲᠡ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠢ ᠡᠷᠭᠢᠯᠡᠵᠦ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠹᠧᠩ ᠰᠢᠤᠸᠠᠢ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠤᠯᠪᠤᠭᠳᠠᠯ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠪᠡ᠃
ᠬᠤᠷᠠᠯ ᠠᠴᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠢ ᠬᠥᠬᠢᠭᠦᠯᠦᠨ ᠰᠠᠶᠢᠰᠢᠶᠠᠭᠰᠠᠨ ᠪᠠᠶᠢᠳᠠᠯ ᠢ ᠮᠡᠳᠡᠭᠳᠡᠵᠦ᠂ 2024 ᠣᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ᠂ ᠠᠵᠢᠯ ᠦᠢᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ ᠰᠠᠶᠢᠨ ᠺᠠᠳ᠋ᠷ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠦ᠂ ᠬᠤᠯᠪᠣᠭᠳᠠᠯ ᠪᠦᠬᠦᠢ ᠲᠣᠭᠤᠷᠢᠭ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠪᠤᠶᠤ ᠣᠪᠣᠷ ᠢᠶᠠᠨ ᠢᠯᠡᠳᠬᠡᠬᠦ ᠦᠭᠡ ᠬᠡᠯᠡᠪᠡ᠃
ᠵᠧᠦ ᠰᠢᠩ ᠬᠡᠯᠡᠭᠰᠡᠨ ᠨᠢ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠰ ᠣᠳᠠᠭᠠᠨ ᠤ ᠬᠤᠷᠠᠯ ᠢ ᠬᠤᠷᠠᠯᠳᠤᠭᠤᠯᠤᠭᠰᠠᠨ ᠤ ᠵᠣᠷᠢᠯᠭ᠎ᠠ ᠨᠢ ᠲᠤᠭ ᠲᠡᠮᠳᠡᠭ ᠲᠣᠳᠣᠷᠬᠠᠢ ᠪᠠᠷ ᠲᠡᠷᠢᠭᠦᠨ ᠳᠤ ᠣᠷᠣᠬᠤ ᠶᠢ ᠵᠣᠷᠢᠭᠵᠢᠭᠤᠯᠵᠤ᠂ ᠬᠤᠴᠤᠷᠴᠦ ᠬᠤᠶᠢᠷᠭᠤᠰᠢᠬᠤ ᠶᠢ ᠱᠠᠯᠠᠪᠳᠠᠭᠤᠯᠵᠤ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠯᠠᠪᠳᠠᠭᠤᠨ ᠪᠠᠲᠤᠲᠠᠢ ᠠᠵᠢᠯᠯᠠᠬᠤ ᠶᠢ ᠬᠦᠳᠦᠯᠥᠨ ᠳᠠᠭᠠᠭᠤᠯᠬᠤ ᠶᠢᠨ ᠲᠥᠯᠥᠭᠡ ᠶᠤᠮ᠃ ᠪᠣᠭᠤᠮᠲᠠ ᠰᠢᠪᠲᠤᠯᠬᠤ ᠢᠲᠡᠭᠡᠯ ᠵᠣᠷᠢᠭ ᠢᠶᠠᠨ ᠪᠠᠲᠤᠳᠬᠠᠵᠤ᠂ ᠭᠤᠣᠯ ᠭᠦᠢᠴᠡᠳᠬᠡᠯ ᠲᠤᠭ᠎ᠠ᠂ ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠤᠨᠢᠨ ᠳᠡᠭᠡᠷ᠎ᠡ ᠨᠢ ᠰᠤᠳᠤᠯᠤᠨ ᠮᠠᠭᠠᠳᠯᠠᠵᠤ᠂ ᠠᠷᠭ᠎ᠠ ᠪᠦᠬᠦᠨ ᠢ ᠰᠦᠪᠡᠭᠴᠢᠯᠡᠨ ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠠᠵᠤ ᠠᠬᠤᠢ ᠶᠢᠨ ᠶᠠᠰᠤ ᠴᠢᠨᠠᠷ ᠢᠶᠠᠨ ᠪᠦᠲᠦᠮᠵᠢᠲᠡᠢ ᠳᠡᠭᠡᠭᠰᠢᠯᠡᠭᠦᠯᠬᠦ ᠪᠠ ᠲᠤᠭ᠎ᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠵᠠᠮ ᠢᠶᠠᠷ ᠰᠠᠶᠢᠲᠤᠷ ᠵᠠᠮᠨᠠᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠯᠠᠪᠳᠠᠭᠤᠨ ᠪᠠᠲᠤᠲᠠᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭ᠎ᠠ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠰᠢᠯᠢᠳᠡᠭ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠨ ᠪᠠᠶᠢᠭᠤᠯᠵᠤ᠂ ᠪᠠᠭ᠎ᠠ ᠮᠥᠷᠲᠡᠭᠡᠨ ᠭᠤᠶᠤ᠂ ᠪᠠᠭ᠎ᠠ ᠮᠥᠷᠲᠡᠭᠡᠨ ᠰᠢᠯᠢᠳᠡᠭ ᠰᠣᠳᠣᠨ ᠬᠤᠳᠠ ᠶᠢ ᠪᠦᠳᠦᠭᠡᠨ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠶᠢ ᠲᠣᠭᠲᠠᠭᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠬᠤ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ 《ᠤᠳᠠᠭᠠᠨ᠂ ᠪᠦᠳᠦᠭᠦᠯᠢᠭ᠂ ᠬᠠᠭᠤᠷᠮᠠᠭ》ᠪᠠᠶᠢᠬᠤ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠺᠠᠳ᠋ᠷᠴᠣᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠴᠢᠨᠠᠭᠰᠢᠳᠠ ᠵᠣᠷᠢᠭᠵᠢᠭᠤᠯᠵᠤ᠂ ᠠᠵᠢᠯ ᠬᠢᠬᠦ ᠰᠠᠨᠠᠭ᠎ᠠ ᠲᠠᠢ ᠠᠵᠢᠯ ᠬᠢᠵᠦ ᠳᠡᠶᠢᠯᠬᠦ ᠺᠠᠳ᠋ᠷ ᠢ ᠰᠣᠩᠭᠤᠨ ᠬᠡᠷᠡᠭᠯᠡᠵᠤ᠂ ᠠᠵᠢᠯ ᠬᠢᠵᠦ ᠦᠢᠯᠡᠰ ᠪᠤᠰᠬᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠡᠢ᠃