ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
︽ᠨᠠᠮ ᠤᠨ ᠠᠴᠢ ᠶᠢ ᠬᠠᠷᠢᠭᠤᠯᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠡᠭᠦᠷᠢᠳᠡ ᠲᠠᠭᠠᠶ᠎ᠠ︾ᠪᠦᠬᠦ ᠬᠤᠳᠠ ᠶᠢᠨ ᠤᠯᠠᠨ ᠲᠦᠮᠡᠨ ᠤ ᠨᠠᠶᠢᠷᠠᠯ ᠳᠠᠭᠤᠤ ᠶᠢᠨ ᠲᠣᠭᠯᠠᠯᠲᠠ ᠶᠠᠪᠤᠭᠳᠠᠪᠠ
2025 5 ᠰᠠᠷ᠎ᠠ ᠶᠢᠨ 20 ᠤ ᠡᠳᠦᠷ᠂ ᠬᠤᠲᠠ ᠶᠢᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠰᠣᠶᠣᠯ ᠷᠠᠳᠢᠣ᠋ ᠲᠧᠯᠸᠢᠰ ᠤᠨ ᠦᠢᠯᠡᠰ ᠤᠨ ᠬᠦᠭᠵᠢᠬᠦᠯᠦᠯᠳᠡ ᠶᠢᠨ ᠲᠥᠪ ᠠᠴᠠ ᠳᠠᠭᠠᠭᠠᠴᠢᠯᠠᠨ ᠡᠷᠭᠢᠯᠡᠵᠦ᠂ ᠬᠤᠲᠠ ᠶᠢᠨ ᠰᠣᠶᠣᠯ ᠤᠨ ᠣᠷᠳᠣᠨ ᠠᠴᠠ ᠬᠦᠢᠴᠡᠳᠭᠡᠨ ᠡᠷᠭᠢᠯᠡᠵᠦ᠂ ᠰᠣᠶᠣᠯ ᠤᠨ ᠣᠷᠳᠣᠨ ᠢ ᠠᠷᠠᠳ ᠲᠦᠮᠡᠨ ᠤ ᠨᠠᠰᠤᠨ ᠲᠤᠷᠰᠢᠳᠠ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ ᠪᠤᠯᠭᠠᠬᠤ《ᠨᠠᠮ ᠤᠨ ᠠᠴᠢ ᠶᠢ ᠬᠠᠷᠢᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠡᠭᠦᠷᠢᠳᠡ ᠲᠠᠭᠠᠶ᠎ᠠ》ᠪᠥᠬᠦ ᠬᠤᠲᠠ ᠶᠢᠨ ᠣᠯᠠᠨ ᠲᠦᠮᠡᠨ ᠤ ᠨᠠᠶᠢᠷᠠᠯ ᠳᠠᠭᠤᠤ ᠶᠢᠨ ᠲᠣᠭᠯᠠᠯᠲᠠ ᠬᠤᠲᠠ ᠶᠢᠨ ᠠᠷᠠᠳ ᠤᠨ ᠲᠠᠯᠠᠪᠠᠶ ᠳᠤ ᠶᠠᠪᠤᠭᠳᠠᠪᠠ᠃
ᠣᠶᠢᠯᠠᠭᠠᠭᠰᠠᠨ ᠢᠶᠠᠷ᠂ ᠲᠣᠰ ᠤᠳᠠᠭᠠᠨ ᠤ ᠦᠵᠡᠭᠦᠯᠭᠡ ᠶᠢᠨ ᠲᠣᠭᠯᠠᠯᠲᠠ ᠳᠤ《ᠳᠤᠮᠳᠠᠳᠤ ᠤᠯᠤᠰ ᠥᠨᠢ ᠡᠭᠦᠷᠢᠳᠡ ᠬᠦᠰᠡᠯ ᠡᠷᠡᠮᠡᠯᠵᠡᠯ ᠲᠠᠢ ᠪᠠᠶᠢᠳᠠᠭ》《ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ》《ᠮᠥᠷᠳᠡᠯᠲᠡ》《ᠲᠤᠭ ᠤᠨ ᠮᠠᠭᠲᠠᠭᠠᠯ》《ᠰᠠᠷᠠᠨ᠎ᠠ ᠴᠡᠴᠡᠭ ᠪᠠᠳᠠᠷᠠᠨ ᠳᠡᠯᠭᠡᠷᠡᠭᠰᠡᠨ ᠨᠢ》《ᠴᠡᠷᠢᠭ ᠠᠷᠠᠳ ᠤᠨ ᠶᠡᠭᠡ ᠦᠢᠯᠡᠳᠪᠦᠷᠢᠯᠡᠯ》ᠵᠡᠷᠭᠡ ᠰᠣᠩᠭᠤᠳᠠᠭ ᠨᠠᠶᠢᠷᠠᠯ ᠳᠠᠭᠤᠤ ᠶᠢ ᠰᠣᠩᠭᠤᠪᠠ᠃ ᠳᠠᠭᠤᠯᠠᠬᠤ ᠳᠤᠷᠠᠲᠠᠶ ᠬᠥᠮᠦᠰ ᠳᠠᠭᠤᠤ ᠪᠠᠷ ᠡᠬᠡ ᠤᠯᠤᠰ ᠲᠠᠭᠠᠨ ᠬᠠᠶᠢᠷᠠᠲᠠᠶ ᠰᠡᠳᠬᠢᠯᠭᠡ ᠪᠠᠨ ᠢᠯᠡᠳᠬᠡᠵᠦ᠂ ᠬᠥᠭ ᠠᠶᠠᠰ ᠢᠶᠠᠷ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠳᠠᠮᠵᠢᠭᠤᠯᠵᠤ᠂ ᠪᠦᠬᠦ ᠬᠤᠲᠠ ᠶᠢᠨ ᠤᠷᠠᠯᠢᠭ ᠤᠨ ᠬᠦᠴᠦᠨ ᠢ ᠨᠢᠭᠲᠠᠷᠠᠭᠤᠯᠤᠭᠰᠠᠨ ᠣᠯᠠᠨ ᠲᠦᠮᠡᠨ ᠤ ᠨᠠᠶᠢᠷᠠᠯ ᠳᠠᠭᠤᠤ ᠶᠢᠨ ᠲᠣᠭᠯᠠᠯᠲᠠ ᠪᠤᠯᠤᠭᠰᠠᠨ ᠪᠠᠶᠢᠨ᠎ᠠ᠃
ᠰᠣᠶᠣᠯ ᠤᠨ ᠣᠷᠳᠣᠨ ᠨᠢ ᠠᠷᠠᠳ ᠲᠦᠮᠡᠨ ᠤ ᠨᠠᠰᠤᠨ ᠲᠤᠷᠰᠢᠳᠠ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠤᠷᠭᠠᠭᠤᠯᠢ ᠪᠣᠯᠤᠭᠰᠠᠨ ᠤ ᠬᠤᠪᠢ ᠳᠤ᠂ ᠢᠮᠠᠭᠲᠠ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠲᠦᠮᠡᠨ ᠤ ᠤᠷᠠᠯᠢᠭ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠤᠲᠠ ᠶᠢᠨ ᠠᠷᠠᠳ ᠨᠢᠭᠡᠪᠦᠷᠢ ᠳᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠪᠠ᠃