ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
ᠮᠠᠨ ᠤ ᠬᠤᠲᠠ ᠶᠢᠨ︽ᠲᠠᠪᠤᠨ ᠲᠣᠭᠤᠷᠢᠭ ᠨᠢᠭᠡ ᠭᠤᠣᠯ︾ ᠢ ᠨᠢᠭᠡᠳᠦᠯᠲᠡᠶ ᠲᠦᠯᠦᠪᠵᠢᠬᠦᠯᠦᠨ ᠵᠠᠰᠠᠵᠤ ᠦᠵᠡᠰᠬᠦᠯᠡᠩᠲᠦ ᠰᠠᠶᠢᠬᠠᠨ ᠦᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
2025 5 ᠰᠠᠷ᠎ᠠ ᠶᠢᠨ 16 ᠤ ᠡᠳᠦᠷ᠂ ᠮᠠᠨ ᠤ ᠬᠤᠲᠠ ᠶᠢᠨ《ᠲᠠᠪᠤᠨ ᠲᠣᠭᠤᠷᠢᠭ ᠨᠢᠭᠡ ᠭᠤᠣᠯ》 ᠢ ᠨᠢᠭᠡᠳᠦᠯᠲᠡᠶ ᠲᠦᠯᠦᠪᠵᠢᠬᠦᠯᠦᠨ ᠵᠠᠰᠠᠵᠤ ᠦᠵᠡᠰᠬᠦᠯᠡᠩᠲᠦ ᠰᠠᠶᠢᠬᠠᠨ ᠦᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠶᠢᠨ ᠰᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠷᠠᠯ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠵᠢᠴᠢ ᠬᠤᠯᠪᠣᠭᠳᠠᠯ ᠪᠥᠬᠦᠶ ᠬᠤᠲᠠ ᠶᠢᠨ ᠤᠳᠤᠷᠢᠳᠤᠯᠭ᠎ᠠ ᠬᠤᠷᠠᠯ ᠳᠤ ᠣᠷᠣᠯᠴᠠᠪᠡ᠃
ᠬᠤᠷᠠᠯ ᠳᠡᠭᠡᠷ᠎ᠡ᠂ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠭᠰᠠᠨ ᠣᠬᠤᠷ ᠹᠢᠯᠢᠮ ᠢ ᠨᠡᠪᠲᠡᠷᠡᠭᠦᠯᠵᠦ᠂《︿ᠲᠠᠪᠤᠨ ᠲᠣᠭᠤᠷᠢᠭ ᠨᠢᠭᠡ ᠭᠤᠣᠯ﹀ ᠢ ᠨᠢᠭᠡᠳᠦᠯᠲᠡᠢ ᠲᠦᠯᠦᠪᠵᠢᠬᠦᠯᠦᠨ ᠵᠠᠰᠠᠵᠤ ᠦᠵᠡᠰᠬᠦᠯᠡᠩᠲᠦ ᠰᠠᠶᠢᠬᠠᠨ ᠦᠬᠠᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ》 ᠤᠨ ᠲᠤᠬᠠᠢ ᠪᠠᠶᠢᠷᠢᠯᠠᠭᠤᠯᠤᠯᠲᠠ ᠬᠢᠵᠦ᠂ ᠬᠠᠶᠢᠨᠠᠨ ᠲᠣᠭᠤᠷᠢᠭ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠪᠡ᠃
ᠵᠧᠦ ᠶᠢᠨ ᠰᠢᠩ ᠬᠡᠯᠡᠭᠰᠡᠨ ᠨᠢ᠂ ᠶᠡᠷᠦᠩᠬᠡᠢ ᠱᠦᠵᠢ ᠤᠨ《ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ》ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠯ ᠮᠠᠨ ᠤ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠠᠶᠢᠳᠠᠯ ᠢ ᠲᠣᠳᠣᠷᠬᠠᠢ ᠲᠠᠨᠢᠵᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠠᠮᠢ ᠠᠬᠤᠢ ᠶᠢ ᠤᠷᠢᠳᠠᠪᠡᠷ ᠪᠣᠳᠤᠯᠬᠢᠯᠠᠬᠤ᠂ ᠪᠣᠬᠢᠷᠲᠤᠯ ᠦᠭᠡᠢ ᠪᠠᠷ ᠬᠦᠭᠵᠢᠬᠦᠯᠬᠦ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠠᠮᠢ ᠠᠬᠤᠢ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂《ᠲᠠᠪᠤᠨ ᠲᠣᠭᠤᠷᠢᠭ ᠨᠢᠭᠡ ᠭᠤᠣᠯ》 ᠤᠨ ᠵᠠᠰᠠᠯᠲᠠ ᠶᠢ ᠰᠢᠰᠲ᠋ᠧᠮ ᠲᠠᠢ ᠠᠬᠢᠭᠤᠯᠵᠤ᠂ ᠰᠣᠳᠣᠨ ᠬᠤᠳᠠ ᠶᠢᠨ ᠲᠣᠭᠤᠷᠢᠭ᠂ ᠠᠮᠢ ᠠᠬᠤᠢ ᠶᠢᠨ ᠠᠭᠤᠷᠬᠠᠢ ᠶᠢᠨ ᠣᠷᠣᠨ᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠦᠵᠡᠰᠬᠦᠯᠡᠩᠲᠦ ᠰᠠᠶᠢᠬᠠᠨ ᠲᠠᠷᠢᠶᠠᠯᠠᠬᠤ ᠣᠷᠣᠨ ᠵᠢᠴᠢ ᠬᠠᠳᠤᠨ ᠭᠤᠣᠯ ᠤᠨ ᠭᠤᠣᠯ ᠰᠠᠯᠪᠤᠷᠢ ᠤᠷᠤᠰᠬᠠᠯ ᠤᠨ ᠬᠠᠮᠠᠭᠠᠯᠠᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠦᠨᠳᠦᠰᠦᠨ ᠴᠢᠨᠠᠷᠲᠠᠢ ᠰᠠᠶᠢᠵᠢᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠵᠤ᠂ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠠᠰᠠᠭᠤᠳᠠᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠠᠵᠤ ᠦᠢᠯᠡᠰ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠢ ᠲᠤᠪᠤᠶᠢᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠭᠤᠣᠯᠯᠠᠬᠤ ᠥᠷᠢᠰᠥᠯᠳᠦᠬᠦ ᠬᠦᠴᠦᠨ ᠢᠶᠠᠷ ᠴᠢᠩᠭ᠎ᠠ᠂ ᠦᠰᠦᠨ ᠪᠤᠶᠢᠵᠢᠬᠤ ᠲᠠᠯᠳᠠ ᠬᠦᠴᠦᠨ ᠢᠶᠠᠷ ᠰᠠᠶᠢᠨ ᠴᠢᠨᠠᠷ ᠰᠠᠶᠢᠲᠠᠢ ᠠᠵᠤ ᠠᠬᠤᠶᠢᠯᠠᠯ ᠤᠨ ᠲᠦᠷᠦᠯ ᠵᠦᠢᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠪᠦᠲᠦᠴᠡ ᠪᠠᠨ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠳᠠᠶᠢᠴᠢᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂《ᠬᠠᠷᠢᠭᠤᠯᠳᠠ ᠲᠠᠢ ᠰᠡᠳᠬᠢᠬᠦᠶ》 ᠪᠠᠨ ᠴᠢᠩᠭᠠᠳᠬᠠᠵᠤ᠂ ᠡᠳᠦᠷ ᠤᠨ ᠶᠠᠪᠤᠳᠠᠯ ᠢ ᠡᠳᠦᠷ ᠲᠡᠭᠡᠨ ᠪᠡᠶᠡᠯᠡᠬᠦᠯᠬᠦ ᠡᠷᠴᠢ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠪᠦᠬᠦ ᠬᠤᠳᠠ ᠶᠢᠨ ᠠᠷᠠᠳ ᠲᠦᠮᠡᠨ ᠳᠤ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠬᠡᠵᠡᠢ᠃
ᠬᠤᠷᠠᠯ ᠠᠴᠠ ᠡᠮᠦᠨ᠎ᠡ᠂ ᠼᠦᠢ ᠵᠢᠩ ᠶᠢᠩ ᠪᠦᠯᠬᠦᠮ ᠳᠠᠭᠠᠭᠤᠯᠤᠨ ᠬᠠᠶᠢᠨᠠᠨ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠭᠤᠣᠯᠳᠠᠯᠭ᠎ᠠ ᠲᠠᠢ ᠡᠭᠦᠷᠭᠡ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠪᠠ᠃