ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠣᠷᠣᠯᠴᠠᠬᠤ ᠭᠤᠤᠯ ᠳᠤᠭᠤᠶᠢᠯᠠᠩ ᠤᠨ 2025 ᠣᠨ ᠤ 7 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ᠬᠤᠷᠠᠯ ᠬᠤᠷᠠᠯᠳᠤᠪᠠ
2025 5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠣᠷᠣᠯᠴᠠᠬᠤ ᠭᠤᠤᠯ ᠳᠤᠭᠤᠶᠢᠯᠠᠩ ᠤᠨ 2025 ᠣᠨ ᠤ 7 ᠳ᠋ᠤᠭᠠᠷ ᠤᠳᠠᠭ᠎ᠠ ᠶᠢᠨ ᠰᠤᠷᠤᠯᠴᠠᠯᠭ᠎ᠠ ᠶᠢᠨ ︵ᠥᠷᠭᠡᠳᠬᠡᠭᠰᠡᠨ︶ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ᠂ ᠴᠢᠬᠤᠯᠠ ᠬᠠᠷᠢᠭᠤ ᠵᠠᠬᠢᠳᠠᠯ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠤᠨ《ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠣᠶᠠ》ᠬᠡᠬᠦ ᠴᠢᠬᠤᠯᠠ ᠵᠤᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠨᠢ ᠴᠢᠩᠭᠠᠳᠬᠠᠵᠤ᠂ ᠪᠦᠬᠦ ᠬᠤᠳᠠ ᠶᠢᠨ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠳ ᠤᠨ ᠤᠬᠠᠮᠰᠠᠷ ᠠᠴᠠ ᠪᠠᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠵᠠᠰᠠᠯᠲᠠ ᠵᠡᠷᠭᠡ ᠭᠤᠣᠯ ᠳᠠᠶᠢᠨ ᠤ ᠲᠠᠯᠠᠪᠤᠷ ᠲᠤ ᠣᠷᠣᠯᠴᠠᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠬᠤ ᠬᠡᠷᠡᠭᠲᠡᠢ᠃ ᠶᠡᠷᠦᠩᠬᠡᠢ ᠱᠦᠵᠢ ᠤᠨ ᠰᠢᠶᠧ ᠢ ᠲᠧ ᠪᠠᠭ᠎ᠠ ᠰᠤᠷᠭᠠᠭᠤᠯᠢ ᠶᠢᠨ ᠬᠢᠯᠢ ᠬᠢᠵᠠᠭᠠᠷ ᠢ ᠰᠠᠬᠢᠵᠤ ᠰᠤᠷᠭᠠᠨ ᠬᠥᠮᠦᠵᠢᠯ ᠢ ᠲᠡᠮᠵᠢᠵᠦ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢᠨ ᠭᠡᠰᠢᠭᠦᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠬᠠᠢ ᠳᠤ ᠢᠷᠡᠭᠰᠡᠨ ᠰᠠᠶᠢᠨ ᠳᠤᠷ᠎ᠠ ᠶᠢᠨ ᠠᠵᠢᠯᠯᠠᠭᠴᠢ ᠶᠢ ᠬᠠᠯᠠᠮᠵᠢᠯᠠᠬᠤ ᠪᠠᠨ ᠴᠢᠩᠭᠠᠳᠬᠠᠵᠤ᠂ ᠥᠷᠭᠡᠨ ᠤᠯᠠᠨ ᠵᠠᠯᠠᠭᠤᠴᠤᠳ ᠤᠨ ᠦᠬᠠᠢ ᠳᠤ ᠠᠪᠢᠶᠠᠰ ᠴᠢᠳᠠᠪᠤᠷᠢ ᠪᠠᠨ ᠪᠠᠳᠠᠷᠠᠭᠤᠯᠵᠤ᠂ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠲᠣᠭᠲᠠᠭᠠᠯ ᠪᠣᠯ ᠡᠷᠬᠡᠪᠰᠢ ᠤᠷᠳᠤ ᠬᠤᠭᠤᠴᠠᠭ᠎ᠠ ᠪᠠᠷ ᠪᠠᠲᠤ ᠰᠠᠬᠢᠬᠤ ᠴᠢᠩᠭ᠎ᠠ ᠲᠦᠷᠢᠮ᠂ ᠬᠠᠲᠠᠭᠤ ᠪᠠᠷᠢᠮᠵᠢᠶ᠎ᠠ ᠪᠣᠯᠬᠤ ᠶᠢ ᠭᠦᠨᠵᠡᠭᠡᠢ ᠲᠠᠨᠢᠬᠤ ᠬᠡᠷᠡᠭᠲᠡᠢ᠃ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠤᠯᠤᠰ ᠲᠥᠷᠥ ᠶᠢᠨ ᠦᠨᠡᠨᠴᠢ ᠰᠢᠳᠤᠷᠭᠤ ᠶᠢ ᠰᠢᠯᠭᠠᠬᠤ ᠴᠢᠬᠤᠯᠠ ᠰᠢᠯᠭᠠᠯᠲᠠ ᠪᠣᠯᠭᠠᠵᠤ᠂ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠨ ᠵᠢᠯᠣᠭᠤᠳᠴᠤ ᠵᠢᠭᠠᠨ ᠵᠢᠯᠣᠭᠤᠳᠬᠤ ᠶᠢ ᠬᠦᠯᠢᠶᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠡᠯ᠎ᠡ ᠵᠦᠢᠯ ᠤᠨ《ᠲᠣᠭᠲᠠᠭᠰᠠᠨ ᠠᠵᠢᠯᠯᠠᠭ᠎ᠠ》 ᠶᠢ ᠰᠠᠶᠢᠲᠤᠷ ᠬᠢᠵᠦ᠂ ᠰᠤᠷᠤᠯᠴᠠᠯᠭ᠎ᠠ ᠶᠠᠰᠤ ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠵᠠᠰᠠᠯᠳᠠ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠦ᠂《ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ》 ᠢ ᠴᠢᠩᠭ᠎ᠠ ᠬᠡᠷᠡᠭᠵᠢᠭᠦᠯᠵᠦ᠂ ᠬᠤᠳᠠ ᠶᠢᠨ ᠨᠠᠮ ᠤᠨ ᠬᠤᠷᠢᠶᠠᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ 2025 ᠣᠨ ᠤ ᠭᠤᠣᠯᠳᠠᠯᠭ᠎ᠠ ᠲᠠᠢ ᠠᠵᠢᠯ ᠤᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠯᠦᠭᠡ ᠤᠶᠠᠯᠳᠤᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠤᠯᠠᠨ ᠺᠠᠳ᠋ᠷᠴᠣᠳ ᠢ ᠬᠦᠳᠦᠯᠦᠨ ᠵᠢᠯᠣᠭᠤᠳᠴᠤ ᠪᠠᠶᠢᠭᠠᠳ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂《ᠳᠠᠷᠤᠭᠠᠰᠤ ᠬᠥᠩᠭᠡᠷᠡᠭᠦᠯᠬᠦ᠂ ᠴᠢᠳᠠᠪᠤᠷᠢ ᠣᠯᠭᠤᠬᠤ᠂ ᠬᠦᠴᠢᠷᠳᠡᠯ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠬᠢᠨᠠᠨ ᠰᠢᠮᠳᠠᠭᠤᠯᠬᠤ》ᠡᠯ᠎ᠡ ᠵᠦᠢᠯ ᠤᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠦᠨᠳᠦᠰᠦᠨ ᠱᠠᠲᠤᠨ ᠤ ᠺᠠᠳ᠋ᠷᠴᠤᠳ ᠤᠨ ᠨᠡᠩ ᠢᠯᠡᠭᠦᠦ ᠤᠶᠤᠨ ᠴᠢᠳᠠᠯ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠪᠠᠲᠤᠯᠠᠬᠤ ᠬᠡᠷᠡᠭᠳᠡᠢ ᠭᠡᠵᠡᠢ᠃
ᠬᠤᠷᠠᠯ ᠠᠴᠠ ᠪᠠᠰᠠ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ《ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠡᠬᠡ ᠲᠠᠩᠰᠠ》 ᠶᠢ ᠬᠢᠨᠠᠨ ᠵᠥᠪᠯᠡᠪᠡ᠃