ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠼᠦᠢ ᠵᠢᠩ ᠶᠢᠩ ᠬᠤᠷᠠᠯ ᠢ ᠡᠷᠭᠢᠯᠡᠪᠡ
2025 5 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠬᠤᠲᠠ ᠶᠢᠨ ᠵᠠᠰᠠᠭ ᠤᠨ ᠣᠷᠳᠣᠨ ᠤ 2025 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠲᠡᠭᠡᠷᠡᠬᠢ ᠪᠠ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠶᠢ ᠰᠢᠪᠲᠤᠯᠬᠤ》ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠨᠢᠭᠡ ᠪᠦᠯᠦᠭ ᠵᠣᠬᠢᠶᠠᠮᠠᠯ ᠣᠶᠤᠨᠴᠢ ᠬᠡᠷᠡᠭᠯᠡᠭᠡᠨ ᠤ ᠠᠬᠤᠢ ᠪᠠᠶᠢᠳᠠᠯ ᠢ ᠲᠦᠷᠭᠡᠨ ᠴᠣᠭᠴᠠᠯᠠᠵᠤ᠂ ᠬᠤᠳᠠ ᠶᠢᠨ ᠬᠥᠭᠵᠢᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ《ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠬᠤ ᠠᠵᠢᠯ ᠤᠨ ᠲᠦᠷᠢᠮ》 ᠢ ᠬᠠᠮᠲᠤ ᠪᠠᠷ ᠰᠤᠷᠤᠯᠴᠠᠵᠤ᠂《ᠲᠦᠷᠢᠮ》 ᠤᠨ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠵᠦ᠂ ᠬᠢᠨᠠᠨ ᠪᠠᠶᠢᠴᠠᠭᠠᠬᠤ ᠳᠤ ᠬᠠᠮᠵᠢᠯᠴᠠᠬᠤ᠂ ᠬᠢᠨᠠᠨ ᠪᠠᠶᠢᠴᠠᠭᠠᠬᠤ ᠶᠢ ᠳᠡᠮᠵᠢᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠨᠡᠨ ᠪᠣᠳᠠᠲᠠᠶ ᠦᠷ᠎ᠡ ᠪᠦᠲᠦᠮᠵᠢ ᠪᠠᠷ ᠮᠠᠨ ᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠨᠠᠩ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠪᠥᠬᠦ ᠣᠷᠣᠨ ᠤ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠥᠷᠢ ᠰᠢᠷᠢ ᠶᠢ ᠢᠯᠭᠠᠷᠠᠭᠤᠯᠤᠨ ᠳᠢᠭᠯᠡᠬᠦ ᠠᠵᠢᠯ ᠤᠨ ᠪᠠᠶᠢᠷᠢᠯᠠᠭᠤᠯᠤᠯᠳᠠ ᠶᠢᠨ ᠸᠢᠳᠢᠣ᠋ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠷᠢ ᠰᠢᠷᠢ ᠶᠢ ᠢᠯᠭᠠᠷᠠᠭᠤᠯᠤᠨ ᠳᠢᠭᠯᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠥᠷᠢ ᠰᠢᠷᠢ ᠶᠢ ᠢᠯᠭᠠᠷᠠᠭᠤᠯᠤᠨ ᠳᠢᠭᠯᠡᠬᠦ ᠡᠭᠦᠷᠭᠡ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠶ᠃ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠦᠷ᠎ᠡ ᠠᠰᠢᠭ ᠪᠠ ᠬᠠᠮᠢᠶᠠᠷᠤᠯᠲᠠ ᠶᠢᠨ ᠬᠢᠷᠢ ᠲᠦᠪᠰᠢᠨ ᠦᠨᠡᠨ ᠬᠦ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠬᠠᠲᠠᠭᠤ ᠪᠡᠶᠡᠲᠦ ᠴᠠᠭᠢᠯᠭᠠᠨ ᠴᠡᠨᠡᠭ᠂ BDO᠂ ᠨᠡᠭᠦᠷᠡᠰᠦ ᠬᠡᠦᠷᠰᠢᠭᠦᠯᠬᠦ᠂ ᠴᠠᠬᠢᠭᠤᠷ ᠤᠨ ᠰᠠᠭᠤᠷᠢ ᠰᠢᠨ᠎ᠡ ᠮᠠᠲ᠋ᠧᠷᠢᠶᠠᠯ ᠵᠡᠷᠭᠡ 4 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠦᠢᠯᠡᠰ ᠤᠨ ᠬᠡᠯᠬᠢᠶ᠎ᠡ ᠶᠢᠨ ᠤᠬᠠᠮᠰᠠᠷ ᠢ ᠪᠠᠲᠤ ᠪᠤᠢ ᠪᠣᠯᠭᠠᠵᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠪᠠ ᠰᠢᠯᠢᠳᠡᠭ ᠢ ᠪᠤᠶᠢᠵᠢᠭᠤᠯᠤᠨ ᠨᠡᠮᠡᠭᠳᠡᠯ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠬᠡᠯᠬᠢᠶ᠎ᠡ ᠪᠠᠨ ᠤᠷᠲᠤᠳᠬᠠᠨ ᠬᠡᠯᠬᠢᠶ᠎ᠡ ᠪᠠᠨ ᠨᠥᠬᠦᠪᠥᠷᠢᠯᠡᠵᠦ ᠬᠡᠯᠬᠢᠶ᠎ᠡ ᠪᠠᠨ ᠴᠢᠩᠭᠠᠳᠬᠠᠬᠤ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠡᠯᠧᠮᠧᠨ᠋ᠲ ᠤᠨ ᠪᠠᠲᠤᠯᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ᠂ ᠦᠷᠳᠡᠭ ᠤᠨ ᠬᠡᠯᠬᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠠᠵᠤ ᠠᠬᠤᠢ ᠶᠢᠨ ᠠᠵᠢᠯᠯᠠᠭᠠᠨ᠂ ᠦᠢᠯᠡᠳᠪᠦᠷᠢᠯᠡᠯ᠂ ᠠᠮᠢ ᠠᠬᠤᠢ ᠶᠢᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠤᠨ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂《ᠦᠬᠠᠢ ᠬᠤᠳᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ》ᠵᠡᠷᠭᠡ ᠪᠢᠴᠢᠭ ᠮᠠᠲ᠋ᠧᠷᠢᠶᠠᠯ ᠢ ᠰᠤᠳᠤᠯᠪᠡ᠃