ᠵᠤᠬᠢᠶᠠᠭᠴᠢ:
ᠴᠠᠭ:2025-05-16
ᠥᠵᠡᠭᠰᠡᠨ : ℃
ᠢᠷᠡᠯᠲᠡ: ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
ᠵᠧᠦ ᠰᠢᠩ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠠ ᠴᠠᠬᠢᠯᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
2025 5 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠰᠢᠩ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠪᠠ ᠴᠠᠬᠢᠯᠭᠠᠨ ᠤ ᠲᠣᠤᠷ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ᠂ ᠭᠤᠤ ᠪᠥᠸᠧ ᠣᠷᠣᠯᠴᠠᠪᠡ᠃
ᠵᠧᠦ ᠰᠢᠩ ᠤᠷᠢᠳ ᠬᠤᠵᠢᠳ ᠱᠤᠸᠠᠩ ᠬᠠᠢ ᠤᠰᠤᠲᠥ᠋ᠷᠥᠭᠴᠢ ᠦᠢᠯᠡᠳᠴᠦ ᠤᠰᠤᠲᠥ᠋ᠷᠥᠭᠴᠢ ᠨᠡᠮᠡᠬᠦ ᠶᠢ ᠨᠢᠭᠡ ᠴᠤᠬᠴᠠᠵᠢᠭᠤᠯᠤᠬᠰᠠᠨ ᠦᠷᠳᠡᠭᠡ᠂ ᠭᠦᠸᠧ ᠰᠢᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ 300 ᠰᠠᠶ᠎ᠠ ᠸᠠᠲ ᠤᠨ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠤᠰᠤᠲᠥ᠋ᠷᠥᠭᠴᠢ ᠦᠢᠯᠡᠳᠬᠦ ᠤᠰᠤᠲᠥ᠋ᠷᠥᠭᠴᠢ ᠨᠡᠮᠡᠬᠦ ᠤᠰᠤᠲᠥ᠋ᠷᠥᠭᠴᠢ ᠬᠠᠳᠠᠭᠠᠯᠠᠬᠤ ᠤᠰᠤᠲᠥ᠋ᠷᠥᠭᠴᠢ ᠰᠤᠯᠢᠬᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠦᠬᠠᠢ ᠶᠢᠨ ᠡᠯᠪᠡᠭ ᠪᠠᠶᠠᠯᠢᠭ ᠪᠣᠬᠢᠷᠲᠤᠯ ᠦᠭᠡᠢ ᠡᠨᠧᠷᠭᠢ ᠶᠢᠨ ᠰᠢᠩᠭᠡᠭᠡᠯᠲᠡ ᠶᠢᠨ ᠳᠠᠪᠠᠭᠤᠯᠢᠭ ᠲᠤ ᠲᠦᠰᠢᠭᠯᠡᠵᠦ᠂ ᠪᠣᠬᠢᠷᠲᠤᠯ ᠦᠭᠡᠢ ᠴᠠᠬᠢᠯᠭᠠᠨ ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠷᠡᠭᠯᠡᠭᠡᠨ ᠤ ᠦᠵᠡᠭᠳᠡᠯ ᠢ ᠭᠦᠢᠴᠡᠳ ᠠᠭᠤᠳᠠᠯᠵᠤ᠂ ᠰᠢᠩᠭᠡᠭᠡᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠢ ᠨᠢᠭᠡ ᠴᠤᠭᠴᠠᠵᠢᠭᠤᠯᠤᠭᠰᠠᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠨ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠣᠣᠷ᠎ᠠ ᠳᠠᠷᠢᠬᠤ ᠶᠢᠨ ᠬᠠᠷᠢᠯᠴᠠᠨ ᠨᠥᠬᠦᠪᠥᠷᠢᠯᠡᠬᠦ ᠵᠠᠭᠪᠤᠷ ᠢ ᠳᠡᠯᠭᠡᠷᠡᠭᠦᠯᠵᠦ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠬᠦ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠬᠡᠷᠡᠭᠲᠡᠢ ᠭᠡᠵᠡᠢ᠃
ᠬᠤᠩ ᠨᠢ ᠸᠠᠨ ᠤ 220 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ᠂ ᠵᠧᠤ ᠰᠢᠩ ᠣᠷᠣᠨ ᠪᠦᠰᠡ ᠶᠢᠨ ᠴᠠᠬᠢᠯᠭᠠᠨ ᠬᠦᠴᠦᠨ ᠤ ᠬᠠᠩᠭᠠᠯᠭ᠎ᠠ᠂ ᠴᠠᠬᠢᠯᠭᠠᠨ ᠤ ᠲᠣᠤᠷ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠲᠡᠷᠡ ᠬᠡᠯᠡᠭᠰᠡᠨ ᠨᠢ᠂ ᠠᠵᠤ ᠦᠢᠯᠡᠰ ᠢ ᠬᠥᠭᠵᠢᠭᠦᠯᠬᠦ ᠨᠢ ᠴᠢᠩᠭ᠎ᠠ ᠬᠦᠴᠦᠲᠡᠢ ᠴᠠᠬᠢᠯᠭᠠᠨ ᠤ ᠲᠣᠣᠷ ᠤᠨ ᠰᠢᠰᠲ᠋ᠧᠮ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ᠃ ᠴᠠᠬᠢᠯᠭᠠᠨ ᠤ ᠲᠣᠣᠷ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠣᠬᠢᠶᠠᠮᠠᠯ ᠴᠠᠬᠢᠯᠭᠠᠨ ᠦᠢᠯᠡᠳᠪᠦᠷᠢ᠂ ᠤᠶᠤᠨᠲᠤ ᠪᠢᠴᠢᠯ ᠴᠠᠬᠢᠯᠭᠠᠨ ᠤ ᠲᠣᠣᠷ ᠵᠡᠷᠭᠡ ᠮᠡᠷᠭᠡᠵᠢᠯ ᠤᠨ ᠬᠡᠷᠡᠭᠯᠡᠯᠲᠡ ᠶᠢ ᠤᠷᠢᠳᠠᠪᠠᠷ ᠬᠡᠷᠡᠭᠵᠢᠭᠦᠯᠵᠦ᠂ ᠤᠷᠬᠢᠯ ᠢ ᠲᠣᠬᠢᠷᠠᠭᠤᠯᠬᠤ ᠴᠢᠳᠠᠪᠤᠷᠢ ᠪᠠᠷ ᠨᠡᠩ ᠴᠢᠩᠭ᠎ᠠ ᠪᠣᠬᠢᠷᠲᠤᠯ ᠦᠭᠡᠢ ᠴᠠᠬᠢᠯᠭᠠᠨ ᠤ ᠲᠣᠣᠷ ᠢ ᠪᠠᠶᠢᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠦᠲᠦᠮᠵᠢᠲᠡᠢ ᠬᠠᠩᠭᠠᠵᠤ᠂ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠪᠠᠲᠤᠯᠠᠬᠤ ᠳᠤ ᠨᠡᠩ ᠰᠠᠶᠢᠨ ᠦᠢᠯᠡᠴᠢᠯᠡᠬᠦ ᠬᠡᠷᠡᠭᠲᠡᠢ ᠭᠡᠵᠡᠢ᠃