ᠵᠤᠬᠢᠶᠠᠭᠴᠢ:
ᠴᠠᠭ:2025-05-16
ᠥᠵᠡᠭᠰᠡᠨ : ℃
ᠢᠷᠡᠯᠲᠡ: ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ
ᠼᠦᠢ ᠵᠢᠩ ᠶᠢᠩ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠵᠢᠴᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
2025 5 ᠳ᠋ᠤᠭᠠᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠪᠢᠨ ᠾᠧ ᠶᠢᠨ ᠬᠤᠶᠠᠳᠤᠭᠠᠷ ᠬᠤᠭᠤᠴᠠᠭᠠᠨ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ᠂ ᠰᠠᠭᠤᠷᠢ ᠪᠡᠯᠡᠳᠭᠡᠮᠵᠢ ᠶᠢᠨ ᠪᠥᠲᠥᠭᠡᠨ ᠪᠠᠶᠢᠭᠤᠯᠤᠯᠲᠠ ᠵᠢᠴᠢ ᠦᠢᠯᠡᠳᠪᠦᠷᠢᠯᠡᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠬᠤᠳᠠ ᠶᠢᠨ ᠤᠳᠤᠷᠢᠳᠤᠯᠭ᠎ᠠ ᠴᠧᠩ ᠵᠦᠩ ᠵᠦᠩ᠂ ᠯᠢᠦ ᠴᠠᠩ ᠾᠦᠢ ᠣᠷᠣᠯᠴᠠᠪᠠ᠃
ᠼᠦᠢ ᠵᠢᠩ ᠶᠢᠩ ᠨᠡᠷ ᠤᠷᠢᠳ ᠬᠤᠵᠢᠳ ᠭᠠᠨᠳᠠᠷᠢ ᠶᠠᠪᠠᠭᠠᠨ ᠬᠥᠭᠦᠷᠭᠡ᠂ ᠬᠤᠳᠠ ᠶᠢᠨ ᠤᠯᠠᠨ ᠨᠡᠶᠢᠲᠡ ᠶᠢᠨ ᠰᠣᠶᠣᠯ ᠤᠨ ᠲᠥᠪ᠂ ᠬᠠᠳᠤᠨ ᠭᠤᠣᠯ ᠤᠨ ᠡᠷᠭᠢ ᠳᠠᠭᠠᠤ ᠶᠢᠨ ᠪᠢᠨ ᠾᠧ ᠶᠢᠨ ᠣᠷᠣᠨ ᠪᠦᠰᠡ ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ︵ᠬᠤᠶᠠᠳᠤᠭᠠᠷ ᠬᠤᠭᠤᠴᠠᠭ᠎ᠠ︶᠂ ᠳᠤᠮᠳᠠ ᠬᠡᠰᠡᠭ ᠤᠨ ᠬᠤᠯᠪᠣᠯᠳᠤᠭᠰᠠᠨ ᠵᠠᠮ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠨᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠠᠷᠢᠯᠭ᠎ᠠ ᠶᠢᠨ ᠲᠥᠯᠥᠪᠯᠡᠭᠡ᠂ ᠡᠯᠧᠮᠧᠨ᠋ᠲ ᠤᠨ ᠪᠠᠲᠤᠯᠠᠭ᠎ᠠ᠂ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
ᠼᠦᠢ ᠵᠢᠩ ᠶᠢᠩ ᠬᠡᠯᠡᠭᠰᠡᠨ ᠨᠢ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠨᠢ ᠮᠠᠨ ᠤ ᠬᠤᠳᠠ ᠶᠢᠨ ᠬᠤᠳᠠ ᠶᠢᠨ ᠲᠣᠭᠤᠷᠢᠭ ᠤᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠨᠡᠮᠡᠭᠳᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠬᠦ᠂ ᠴᠢᠨᠠᠷ ᠰᠠᠶᠢᠲᠠᠢ ᠠᠬᠢᠭᠤᠯᠬᠤ ᠶᠢ ᠪᠠᠷᠢᠮᠲᠠᠯᠠᠵᠤ᠂ ᠡᠳᠦᠷ ᠲᠤᠳᠤᠮ ᠤᠨ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠪᠠᠷᠢᠯᠭ᠎ᠠ ᠶᠢᠨ ᠵᠣᠬᠢᠶᠠᠨ ᠪᠠᠶᠢᠭᠤᠯᠤᠯᠲᠠ ᠪᠠᠨ ᠰᠢᠯᠢᠳᠡᠭᠵᠢᠭᠦᠯᠵᠦ᠂ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠯᠳᠡ ᠪᠦᠳᠦᠭᠡᠨ ᠪᠠᠶᠢᠭᠤᠯᠤᠯᠳᠠ ᠳᠤ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ᠂ ᠰᠠᠭᠤᠷᠢ ᠪᠡᠯᠡᠳᠭᠡᠮᠵᠢ ᠶᠢ ᠰᠠᠶᠢᠵᠢᠷᠠᠭᠤᠯᠬᠤ ᠵᠡᠷᠭᠡ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠳᠤᠮᠳᠠ ᠬᠡᠰᠡᠭ ᠤᠨ ᠬᠤᠯᠪᠣᠯᠳᠤᠭᠰᠠᠨ ᠵᠠᠮ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠨ ᠲᠦᠷᠭᠡᠳᠬᠡᠵᠦ᠂ ᠬᠤᠳᠠ ᠶᠢᠨ ᠴᠢᠳᠠᠪᠬᠢ ᠶᠢ ᠨᠡᠩ ᠲᠡᠭᠦᠯᠳᠡᠷᠵᠢᠭᠦᠯᠬᠦ᠂ ᠠᠮᠢ ᠠᠬᠤᠢ ᠶᠢ ᠨᠡᠩ ᠣᠷᠣᠰᠢᠨ ᠰᠠᠭᠤᠬᠤ ᠳᠤ ᠲᠣᠬᠢᠷᠠᠮᠵᠢᠲᠠᠢ᠂ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠣᠯᠭᠠᠬᠤ ᠶᠢ ᠠᠬᠢᠭᠤᠯᠬᠤ ᠬᠡᠷᠡᠭᠲᠡᠢ᠃《ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ》ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠲᠤᠬᠠᠶ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠨ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠡᠢ᠃