ᠵᠤᠬᠢᠶᠠᠭᠴᠢ:
ᠴᠠᠭ:2025-05-09
ᠥᠵᠡᠭᠰᠡᠨ : ℃
ᠢᠷᠡᠯᠲᠡ: ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
ᠼᠦᠢ ᠵᠢᠩ ᠶᠢᠩ ᠠᠶᠠᠨᠴᠢᠳ ᠤᠨ ᠲᠡᠭᠡᠭᠡᠪᠦᠷᠢ ᠶᠢᠨ ᠬᠦᠢᠰᠦ ᠦᠷᠳᠡᠭᠡ ᠶᠢᠨ ᠡᠵᠡᠩᠨᠡᠯᠲᠡ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠣᠴᠠ ᠶᠢᠨ ᠲᠡᠮᠦᠷ ᠵᠠᠮ ᠤᠨ ᠦᠬᠠᠢ ᠶᠢᠨ ᠬᠡᠰᠡᠭ ᠤᠨ ᠪᠦᠳᠦᠭᠡᠨ ᠪᠠᠶᠢᠭᠤᠯᠤᠯᠲᠠ ᠵᠢᠴᠢ ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
2025 5 ᠰᠠᠷ᠎ᠠ ᠶᠢᠨ 6 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠼᠦᠢ ᠵᠢᠩ ᠶᠢᠩ ᠠᠶᠠᠨᠴᠢᠳ ᠤᠨ ᠲᠡᠭᠡᠭᠡᠪᠦᠷᠢ ᠶᠢᠨ ᠬᠦᠢᠰᠦ ᠥᠷᠲᠡᠭᠡ ᠶᠢᠨ ᠡᠵᠡᠩᠨᠡᠯᠲᠡ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠤᠴᠠ ᠶᠢᠨ ᠲᠡᠮᠦᠷ ᠵᠠᠮ ᠤᠨ ᠦᠬᠠᠶ ᠶᠢᠨ ᠬᠡᠰᠡᠭ ᠤᠨ ᠪᠥᠲᠥᠭᠡᠨ ᠪᠠᠶᠢᠭᠤᠯᠤᠯᠲᠠ᠂ ᠲᠡᠭᠡᠲᠤ ᠬᠤᠷᠳᠤᠴᠠ ᠶᠢᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠵᠢᠴᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢ ᠳ᠋ᠦᠩ᠂ ᠬᠤᠲᠠ ᠶᠢᠨ ᠳᠡᠳ᠋ ᠳᠠᠷᠤᠭ᠎ᠠ ᠴᠢᠶᠣᠤ ᠢᠦᠶ ᠣᠷᠣᠯᠴᠠᠪᠡ᠃
ᠠᠶᠠᠨᠴᠢᠳ ᠤᠨ ᠲᠡᠭᠡᠭᠡᠪᠦᠷᠢ ᠶᠢᠨ ᠬᠦᠢᠰᠦ ᠦᠷᠳᠡᠭᠡ ᠳᠤ᠂ ᠼᠦᠢ ᠵᠢᠩ ᠶᠢᠩ ᠠᠶᠠᠨᠴᠢᠳ ᠤᠨ ᠲᠡᠭᠡᠭᠡᠪᠦᠷᠢ ᠶᠢᠨ ᠬᠦᠢᠰᠦ ᠦᠷᠳᠡᠭᠡ ᠶᠢᠨ ᠡᠵᠡᠩᠨᠡᠯᠲᠡ ᠶᠢᠨ ᠪᠠᠶᠢᠳᠠᠯ ᠤᠨ ᠪᠠᠶᠢᠷᠢᠰᠢᠭᠤᠯᠤᠯᠲᠠ᠂ ᠡᠵᠡᠩᠨᠡᠯᠲᠡ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠭᠰᠡᠨ ᠨᠢ᠂ ᠥᠷᠲᠡᠭᠡᠨ ᠤ ᠲᠣᠭᠤᠷᠢᠭ ᠤᠨ ᠴᠢᠳᠠᠮᠵᠢ ᠶᠢᠨ ᠪᠠᠶᠢᠷᠢᠰᠢᠭᠤᠯᠤᠯᠲᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠵᠡᠷᠭᠡ ᠴᠢᠳᠠᠮᠵᠢ ᠶᠢ ᠨᠢᠭᠡᠳᠦᠯᠲᠡᠶ ᠲᠥᠯᠥᠪᠯᠡᠨ ᠰᠠᠶᠢᠲᠤᠷ ᠵᠣᠯᠭᠠᠭᠤᠯᠵᠤ᠂ ᠦᠷᠳᠡᠭᠡᠨ ᠤ ᠲᠣᠭᠤᠷᠢᠭ ᠤᠨ ᠴᠢᠳᠠᠮᠵᠢ ᠬᠢᠭᠡᠳ ᠬᠤᠳᠠᠯᠳᠤᠭᠠᠨ ᠤ ᠡᠵᠡᠩᠨᠡᠯᠲᠡ ᠶᠢᠨ ᠬᠡᠯᠪᠡᠷᠢ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠠᠶᠠᠨᠴᠢᠳ ᠤᠨ ᠲᠡᠭᠡᠭᠡᠪᠦᠷᠢ ᠶᠢᠨ ᠬᠦᠢᠰᠦ ᠥᠷᠲᠡᠭᠡ ᠶᠢᠨ ᠬᠥᠭᠵᠢᠯᠲᠡ ᠶᠢᠨ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠶ ᠭᠡᠵᠡᠶ᠃
ᠼᠦᠢ ᠵᠢᠩ ᠶᠢᠩ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠤᠴᠠ ᠶᠢᠨ ᠲᠡᠮᠦᠷ ᠵᠠᠮ ᠤᠨ ᠦᠬᠠᠢ ᠦᠷᠳᠡᠭᠡ᠂ ᠦᠬᠠᠢ ᠶᠢᠨ ᠡᠮᠦᠨ᠎ᠡ ᠦᠷᠳᠡᠭᠡ᠂ ᠲᠡᠭᠡᠲᠤ ᠬᠤᠷᠳᠤᠴᠠ ᠶᠢᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠵᠢᠴᠢ ᠦᠢᠯᠡᠳᠪᠦᠷᠢᠯᠡᠯ ᠤᠨ ᠪᠠᠶᠢᠳᠠᠯ ᠳᠤ ᠪᠠᠶᠢᠴᠠᠭᠠᠨ ᠰᠣᠳᠣᠯᠣᠯᠳᠠ ᠬᠢᠬᠦ ᠦᠶ᠎ᠡ ᠳᠤ ᠬᠡᠯᠡᠭᠰᠡᠨ ᠨᠢ᠂ ᠪᠤᠭᠤᠲᠤ ᠠᠴᠠ ᠢᠷᠭᠠᠢ ᠬᠦᠷᠬᠦ ᠲᠡᠭᠡᠲᠤ ᠬᠤᠷᠳᠤᠴᠠ ᠶᠢᠨ ᠲᠡᠮᠦᠷ ᠵᠠᠮ ᠪᠣᠯ ᠤᠯᠠᠨ ᠲᠦᠮᠡᠨ ᠤ ᠠᠩᠬᠠᠷᠤᠯ ᠢ ᠲᠠᠲᠠᠭᠰᠠᠨ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠂ ᠭᠠᠯ ᠤᠨᠲᠠᠷᠠᠭᠠᠬᠤ ᠲᠦᠬᠦᠭᠡᠷᠦᠮᠵᠢ ᠶᠢ ᠰᠢᠯᠭᠠᠨ ᠠᠪᠬᠤ᠂ ᠬᠤᠯᠪᠣᠭᠠᠯᠠᠨ ᠲᠣᠬᠢᠷᠠᠭᠤᠯᠵᠤ ᠬᠤᠯᠪᠣᠭᠠᠯᠠᠨ ᠲᠤᠷᠰᠢᠬᠤ ᠵᠡᠷᠭᠡ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠪᠠᠲᠤ ᠡᠵᠡᠮᠳᠡᠵᠦ᠂ ᠴᠠᠭ ᠤᠨ ᠬᠦᠰᠦᠨᠦᠭᠲᠦ᠂ ᠡᠭᠦᠷᠭᠡ ᠶᠢᠨ ᠵᠢᠷᠤᠭ ᠢᠶᠠᠨ ᠴᠢᠨᠠᠭᠰᠢᠳᠠ ᠲᠣᠳᠣᠷᠬᠠᠶᠢᠯᠠᠵᠤ᠂ ᠦᠷᠳᠡᠭᠡ ᠶᠢᠨ ᠡᠮᠦᠨᠡᠬᠢ ᠠᠭᠤᠳᠠᠮ ᠲᠠᠯᠠᠪᠠᠢ᠂ ᠴᠠᠬᠢᠯᠭᠠᠨ ᠬᠦᠴᠦᠨ ᠵᠡᠷᠭᠡ ᠢᠵᠢ ᠪᠦᠷᠢᠳᠦᠬᠦᠯᠬᠦ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠲᠡᠭᠡᠲᠤ ᠬᠤᠷᠳᠤᠴᠠ ᠶᠢᠨ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠡᠭᠡᠲᠤ ᠬᠤᠷᠳᠤᠴᠠ ᠶᠢᠨ ᠲᠡᠮᠦᠷ ᠵᠠᠮ ᠳᠠᠭᠠᠤ ᠶᠢᠨ ᠳᠦᠷᠰᠦ ᠪᠠᠶᠢᠳᠠᠯ ᠢ ᠦᠵᠡᠰᠬᠦᠯᠡᠩᠲᠦ ᠰᠠᠶᠢᠬᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠪᠠᠨ ᠴᠢᠩᠭᠠᠳᠬᠠᠵᠤ᠂ 《ᠴᠠᠭ ᠢᠮᠠᠭᠲᠠ ᠰᠠᠨᠠᠭ᠎ᠠ ᠠᠮᠤᠷ ᠪᠠᠶᠢᠵᠤ ᠪᠤᠯᠬᠤ ᠦᠭᠡᠢ》ᠬᠠᠷᠢᠭᠤᠴᠠᠯᠭᠠᠲᠤ ᠰᠡᠳᠬᠢᠯᠭᠡ ᠪᠠᠷ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠡᠢ᠃