ᠵᠤᠬᠢᠶᠠᠭᠴᠢ:
ᠴᠠᠭ:2022-03-04
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠪᠠᠶᠠᠨᠨᠠᠭᠤᠷ ᠬᠤᠲᠠ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠰᠣᠷᠢᠯᠲᠠ ᠥᠷᠨᠢᠭᠦᠯᠪᠡ
2022 3 ᠰᠠᠷ᠎ᠠ ᠶᠢᠨ 1 ᠤ ᠡᠳᠦᠷ᠂ 2022 ᠣᠨ ᠤ ᠪᠥᠬᠦ ᠬᠤᠲᠠ ᠶᠢᠨ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠨ ᠪᠠᠴᠢᠮ ᠪᠠᠶᠢᠳᠠᠯ ᠢ ᠰᠣᠷᠢᠯᠲᠠ ᠳᠤ ᠶᠠᠪᠤᠭᠳᠠᠪᠠ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠢ ᠵᠢᠯᠤᠭᠤᠳᠤᠬᠴᠢ ᠹᠧᠩ ᠠᠢ ᠰᠢᠶᠠ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠵᠤᠤ ᠸᠧᠢ ᠹᠧᠩ᠂ ᠪᠣᠷᠣᠲᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠡᠷᠬᠢᠯᠡᠭᠴᠢ᠂ ᠬᠤᠳᠠ ᠶᠢᠨ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠳᠡᠳ᠋ ᠶᠡᠷᠦᠩᠬᠡᠢ ᠵᠢᠯᠤᠭᠤᠳᠤᠬᠴᠢ ᠯᠢ ᠭᠧᠨ ᠳ᠋ᠦᠩ ᠣᠷᠣᠯᠴᠠᠪᠠ᠃
ᠲᠣᠰ ᠤᠳᠠᠭᠠᠨ ᠤ ᠪᠠᠴᠢᠮ ᠪᠠᠶᠢᠳᠠᠯ ᠢ ᠰᠣᠷᠢᠯᠲᠠ ᠶᠢ ᠠᠬᠤᠶ ᠪᠠᠶᠢᠳᠠᠯ ᠤᠨ ᠳᠠᠭᠤᠷᠢᠶᠠᠮᠠᠯ ᠰᠣᠷᠢᠯᠲᠠ ᠬᠢᠬᠦ ᠬᠡᠯᠪᠡᠷᠢ ᠪᠠᠷ ᠶᠠᠪᠤᠭᠳᠠᠭᠤᠯᠪᠠ᠃ ᠪᠦᠬᠦ᠋ᠢᠯᠡ ᠶᠠᠪᠤᠴᠠ ᠨᠢ ᠪᠠᠴᠢᠮ ᠪᠥᠭᠡᠳ ᠡᠮᠬᠢ ᠳᠢᠭᠯᠢᠮ ᠲᠠᠢ ᠶᠠᠪᠤᠭᠳᠠᠵᠤ᠂ ᠰᠣᠷᠢᠯᠲᠠ ᠶᠢᠨ ᠵᠢᠯᠣᠭᠤᠳᠬᠤ ᠭᠠᠵᠠᠷ ᠨᠢᠭᠡᠳᠦᠯᠲᠡᠶ ᠵᠢᠯᠤᠭᠤᠳᠴᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠶᠤᠯ ᠠᠴᠠ ᠠᠪᠤᠷᠠᠬᠤ ᠠᠩᠭᠢ ᠶᠢᠨ ᠭᠡᠰᠢᠭᠦᠳ ᠵᠠᠷᠯᠢᠭ ᠴᠠᠭᠠᠵᠠ ᠶᠢ ᠳᠠᠭᠠᠵᠤ᠂ ᠲᠦᠷᠭᠡᠨ ᠴᠤᠤᠷᠢᠶᠠᠳᠤᠨ ᠳᠠᠭᠠᠵᠤ᠂ ᠨᠢᠭᠲᠠ ᠬᠠᠮᠵᠢᠯᠴᠠᠨ᠂ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠵᠢᠭᠦᠯᠬᠦ᠂ ᠣᠯᠠᠨ ᠲᠦᠮᠡᠨ ᠢ ᠰᠢᠯᠵᠢᠭᠦᠯᠬᠦ ᠵᠡᠷᠭᠡ ᠡᠭᠦᠷᠭᠡ ᠶᠢ ᠤᠷᠤᠭᠰᠢᠲᠠᠶ ᠪᠡᠶᠡᠯᠡᠭᠦᠯᠦᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠭᠦᠢᠴᠡᠳ ᠢᠯᠡᠷᠡᠭᠦᠯᠵᠦ᠂ ᠰᠥᠩ ᠬᠠᠯᠢᠶ᠎ᠠ ᠶᠢ ᠰᠡᠷᠭᠡᠶᠢᠯᠡᠨ ᠠᠶᠤᠯ ᠠᠴᠠ ᠠᠪᠤᠷᠠᠬᠤ ᠠᠩᠭᠢ ᠶᠢᠨ ᠪᠤᠲᠠᠲᠤ ᠪᠠᠶᠢᠯᠳᠤᠭᠠᠨ ᠤ ᠪᠠᠴᠢᠮ ᠪᠠᠶᠢᠳᠠᠯ ᠢ ᠴᠢᠳᠠᠪᠤᠷᠢ ᠶᠢ ᠢᠯᠡᠷᠡᠭᠦᠯᠵᠦ᠂ ᠬᠤᠶᠢᠰᠢᠳᠠ ᠶᠢᠨ ᠰᠥᠩ ᠬᠠᠯᠢᠶ᠎ᠠ ᠦᠶᠡᠷ ᠤᠰᠤᠳᠤᠯ ᠢ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠶ ᠳᠤ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃
ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠳᠡᠳ᠋ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠳ ᠣᠷᠣᠯᠴᠠᠵᠠᠶ᠃