ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠮᠠᠨ ᠤ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠲᠦᠷᠭᠡᠨ ᠢᠶᠠᠷ ᠨᠡᠮᠡᠭᠳᠡᠪᠡ
ᠡᠨᠡ ᠵᠢᠯ ᠠᠴᠠ ᠨᠠᠰᠢ᠂ ᠮᠠᠨ ᠤ ᠬᠤᠲᠠ ᠠᠵᠠ ᠲᠣᠬᠢᠶᠠᠯ ᠢ ᠠᠮᠵᠢᠨ ᠂ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠦᠪᠡᠭᠴᠢᠯᠡᠨ ᠠᠬᠢᠭᠤᠯᠵᠤ᠂ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ ᠲᠦᠷᠭᠡᠨ ᠨᠡᠮᠡᠭᠳᠡᠯ ᠢ ᠪᠡᠶᠡᠯᠡᠭᠦᠯᠵᠡᠢ᠃
1-10 ᠳ᠋ᠤᠭᠠᠷ ᠰᠠᠷ᠎ᠠ ᠪᠣᠯᠲᠠᠯ᠎ᠠ ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 49.3% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 14.8 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦᠨ ᠤ ᠢᠯᠴᠢ ᠶᠢᠨ ᠬᠦᠴᠦᠨ ᠤ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.9% ᠪᠠᠷ ᠨᠡᠮᠡᠭᠳᠡᠵᠦ᠂ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢ 40.2 ᠵᠠᠭᠤᠨ ᠤ ᠨᠢᠭᠡᠴᠢ ᠨᠡᠮᠡᠭᠳᠡᠭᠦᠯᠵᠦ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ 57.6% ᠶᠢ ᠡᠵᠡᠯᠡᠪᠡ᠃ ᠢᠯᠠᠩᠭᠤᠶ᠎ᠠ ᠴᠠᠬᠢᠯᠭᠠᠨ ᠬᠦᠴᠦᠨ ᠤ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠪᠡᠯᠡ ᠣᠷᠣᠭᠤᠯᠤᠯᠲᠠ 90.8% ᠪᠠᠷ ᠨᠡᠮᠡᠭᠳᠡᠵᠦ᠂ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 37.5 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ 52.8% ᠶᠢ ᠡᠵᠡᠯᠡᠪᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 47.4% ᠪᠠᠷ ᠨᠡᠮᠡᠭᠳᠡᠵᠦ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢ 8.7 ᠵᠠᠭᠤᠨ ᠤ ᠨᠢᠭᠡᠴᠢ ᠨᠡᠮᠡᠭᠳᠡᠭᠦᠯᠵᠦ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ 18.0% ᠢ ᠡᠵᠡᠯᠡᠪᠡ᠃ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠪᠡᠯᠡᠳᠭᠡᠮᠵᠢ ᠶᠢᠨ ᠬᠠᠮᠢᠶᠠᠷᠤᠯᠲᠠ ᠶᠢᠨ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠵᠦ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢ ᠳᠠᠶᠢᠴᠢᠯᠠᠨ 0.6 ᠵᠠᠭᠤᠨ ᠤ ᠨᠢᠭᠡᠴᠢ ᠨᠡᠮᠡᠭᠳᠡᠭᠦᠯᠵᠦ᠂ ᠪᠥᠬᠦ ᠬᠤᠲᠠ ᠶᠢᠨ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠤᠯᠲᠠ ᠶᠢᠨ 24.4% ᠶᠢ ᠡᠵᠡᠯᠡᠪᠡ᠃