ᠵᠤᠬᠢᠶᠠᠭᠴᠢ:
ᠴᠠᠭ:2024-08-23
ᠥᠵᠡᠭᠰᠡᠨ :28 ℃
ᠢᠷᠡᠯᠲᠡ: ᠪᠠᠶᠠᠨᠨᠠᠭᠤᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠠᠶᠠᠨᠨᠠᠭᠤᠷ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
2024 8 ᠰᠠᠷ᠎ᠠ ᠶᠢᠨ 7 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠶ ᠬᠤᠸᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᡁᠢ ᠫᠢᠩ ᠬᠠᠮᠢᠶ᠎ᠠ ᠪᠦᠬᠦᠢ ᠠᠭᠤᠯᠭ᠎ᠠ ᠶᠢ ᠳᠠᠭᠠᠭᠤᠯᠤᠨ ᠰᠤᠷᠤᠯᠴᠠᠪᠠ᠃ ᠬᠤᠲᠠ ᠶᠢᠨ ᠤᠳᠤᠷᠢᠳᠤᠯᠭ᠎ᠠ ᠸᠠᠩ ᡁᠢ ᠫᠢᠩ᠂ ᠶᠦᠨ ᠫᠧᠩ ᠭᠠᠩ᠂ ᠢᠦᠶ ᠱᠣ᠋ ᠵᠢᠶᠧ᠂ ᠪᠦᠦ ᠯᠢ ᠬᠤᠸᠠ᠂ ᠵᠣᠣ ᠵᠢᠶᠦ᠋ᠨ ᠯᠢᠩ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃
ᠾᠧ ᠸᠧᠢ ᠬᠤᠸᠠ ᠤᠯᠠᠨ ᠤ ᠶᠠᠷᠢᠶ᠎ᠠ ᠲᠠᠢ ᠤᠶᠠᠯᠳᠤᠭᠤᠯᠵᠤ᠂ ᠰᠤᠷᠤᠯᠴᠠᠭᠰᠠᠨ ᠣᠶᠢᠯᠠᠭᠠᠯᠲᠠ ᠪᠠᠨ ᠬᠤᠪᠢᠶᠠᠯᠴᠠᠪᠠ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠ ᠶᠠᠷᠢᠶ᠎ᠠ ᠨᠢ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠡᠭᠦᠷᠭᠡ ᠶᠢ ᠭᠦᠨᠵᠡᠭᠡᠢ ᠵᠠᠳᠠᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠬᠦᠯᠬᠦ ᠶᠡᠷᠦᠩᠬᠡᠢ ᠰᠡᠳᠬᠢᠴᠡ ᠪᠣᠯᠤᠨ ᠪᠣᠳᠠᠲᠠᠢ ᠠᠷᠭ᠎ᠠ ᠬᠡᠮᠵᠢᠶ᠎ᠡ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠴᠢᠨᠠᠭᠰᠢᠳᠠ ᠪᠠᠶᠠᠯᠢᠭᠵᠢᠭᠤᠯᠪᠠ ᠃
ᠾᠧ ᠸᠧᠢ ᠬᠤᠸᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠤᠬᠠᠭᠤᠯᠤᠨ ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠥᠭᠡᠷᠡᠴᠢᠯᠡᠯᠲᠡ ᠶᠢᠨ ᠰᠡᠳᠬᠢᠬᠦᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠦᠷᠢᠨᠰᠢᠬᠦᠯᠬᠦ ᠳᠤ ᠨᠡᠩ ᠤᠯᠠᠨ ᠦᠢᠯᠡᠳᠦᠯᠭᠡ ᠶᠢᠨ ᠵᠢᠱᠢᠶ᠎ᠡ ᠦᠵᠡᠭᠦᠯᠬᠦ ᠬᠡᠷᠡᠭᠲᠡᠢ᠃ 《ᠪᠦᠷᠢᠨ》ᠪᠠᠶᠢᠬᠤ ᠱᠠᠭᠠᠷᠳᠠᠯᠭ᠎ᠠ ᠶᠢ ᠡᠵᠡᠮᠳᠡᠵᠦ᠂ ᠨᠠᠮ ᠤᠨ ᠪᠠᠶᠢᠭᠤᠯᠤᠯᠲᠠ ᠶᠢ ᠬᠠᠮᠢᠭ᠎ᠠ ᠬᠦᠷᠲᠡᠯ᠎ᠡ ᠠᠬᠢᠭᠤᠯᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠣᠭᠲᠠᠯᠴᠠᠭ᠎ᠠ ᠶᠢ ᠪᠠᠶᠢᠭᠤᠯᠬᠤ ᠶᠢ ᠪᠠᠷᠢᠮᠲᠠᠯᠠᠪᠠᠯ ᠲᠡᠨᠳᠡ ᠬᠦᠷᠲᠡᠯ᠎ᠡ ᠪᠠᠶᠢᠭᠤᠯᠵᠤ᠂《ᠵᠠᠩᠭᠢᠯᠠᠭ᠎ᠠ ᠶᠢᠨ ᠴᠥᠭᠡᠨ ᠲᠣᠭᠠᠲᠠᠨ》 ᠢ ᠰᠠᠶᠢᠲᠤᠷ ᠠᠳᠬᠤᠵᠤ《ᠵᠣᠩᠬᠢᠯᠠᠬᠤ ᠤᠯᠠᠨ ᠲᠣᠭᠠᠲᠠᠨ》 ᠢ ᠰᠠᠶᠢᠲᠤᠷ ᠬᠠᠮᠢᠶᠠᠷᠴᠤ᠂ 《ᠬᠤᠶᠠᠷ ᠬᠠᠷᠢᠭᠤᠴᠠᠯᠭ᠎ᠠ》ᠪᠣᠯᠤᠨ ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠦᠷᠢᠮ ᠤᠨ ᠰᠢᠩᠭᠡᠯᠢᠭ ᠢ ᠤᠯᠠᠮ ᠴᠢᠨᠠᠭᠰᠢᠳᠠ ᠨᠢᠭᠲᠠ ᠰᠦᠯᠵᠢᠵᠦ᠂ ᠠᠭᠤᠯᠭ᠎ᠠ ᠶᠢ ᠪᠦᠬᠦᠨ ᠢ ᠬᠠᠮᠤᠷᠬᠤ᠂ ᠡᠲᠡᠭᠡᠳ ᠢ ᠪᠦᠬᠦᠨ ᠢ ᠬᠠᠮᠤᠷᠬᠤ᠂ ᠬᠠᠷᠢᠭᠤᠴᠠᠯᠭ᠎ᠠ ᠶᠢ ᠪᠦᠬᠦ ᠬᠡᠯᠬᠢᠶ᠎ᠡ᠂ ᠲᠦᠷᠢᠮ ᠢ ᠪᠦᠬᠦᠨ ᠢ ᠨᠡᠪᠲᠡᠷᠡᠭᠦᠯᠬᠦ ᠶᠢ ᠪᠡᠶᠡᠯᠡᠭᠦᠯᠬᠦ ᠬᠡᠷᠡᠭᠲᠡᠢ᠃ 《ᠴᠢᠩᠭ᠎ᠠ》ᠪᠠᠶᠢᠬᠤ ᠬᠦᠭ ᠠᠶᠠᠰ ᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠵᠡᠯ ᠰᠠᠨᠠᠭᠠᠨ ᠤ ᠰᠠᠭᠤᠷᠢ ᠶᠢ ᠬᠦᠴᠦᠯᠡᠨ ᠪᠠᠬᠢᠵᠢᠭᠦᠯᠵᠦ᠂ ᠴᠢᠩᠭ᠎ᠠ ᠠᠳᠬᠤᠵᠤ᠂ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃《ᠵᠠᠰᠠᠬᠤ》ᠦᠷ᠎ᠡ ᠪᠦᠲᠦᠮᠵᠢ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠪᠠᠷ 《ᠵᠠᠰᠠᠬᠤ》ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠬᠤᠶᠠᠷ ᠶᠡᠭᠡ ᠶᠠᠪᠤᠳᠠᠯ ᠢ《ᠵᠠᠰᠠᠬᠤ》ᠬᠦᠷᠢᠶ᠎ᠡ ᠴᠠᠷᠠᠭ᠎ᠠ ᠶᠢ ᠥᠷᠭᠡᠳᠬᠡᠵᠦ᠂ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠬᠤ ᠳᠤ 《ᠵᠠᠰᠠᠬᠤ》ᠢᠳᠡᠪᠬᠢᠲᠡᠢ ᠤᠳᠤᠷᠢᠳᠤᠮᠵᠢ ᠶᠢ ᠢᠯᠡᠷᠡᠭᠦᠯᠬᠦ ᠶᠢ ᠠᠩᠬᠠᠷᠴᠤ᠂《ᠲᠠᠪᠤᠨ ᠶᠡᠭᠡ ᠠᠵᠢᠯᠯᠠᠭ᠎ᠠ》ᠪᠠ《ᠲᠠᠪᠤ ᠶᠢ ᠠᠳᠬᠤᠵᠤ ᠲᠠᠪᠤ ᠶᠢ ᠠᠬᠢᠭᠤᠯᠬᠤ》ᠤᠨᠴᠠᠯᠢᠬᠳᠤ ᠨᠠᠮ ᠤᠨ ᠪᠠᠶᠢᠭᠤᠯᠤᠯᠲᠠ ᠶᠢᠨ ᠠᠴᠢᠶᠠᠯᠠᠪᠤᠷᠢ ᠵᠡᠷᠭᠡ ᠨᠠᠮ ᠤᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠨᠡᠩ ᠤᠯᠠᠨ ᠭᠦᠨᠵᠡᠭᠡᠶᠢᠷᠡᠭᠦᠯᠬᠦ ᠬᠡᠷᠡᠭᠲᠡᠢ ᠃