ᠵᠤᠬᠢᠶᠠᠭᠴᠢ:
ᠴᠠᠭ:2025-03-14
ᠥᠵᠡᠭᠰᠡᠨ : ℃
ᠢᠷᠡᠯᠲᠡ:
ᠾᠧ ᠸᠧᠢ ᠬᠤᠸᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠤᠰᠤ ᠠᠷᠪᠢᠯᠠᠬᠤ ᠠᠵᠢᠯᠯᠠᠭ᠎ᠠ ᠪᠣᠯᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ
2025 3 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠾᠧ ᠸᠧᠢ ᠬᠤᠸᠠ ᠯᠢᠩᠾᠸ ᠲᠣᠭᠤᠷᠢᠭ ᠲᠤ ᠭᠦᠨᠵᠡᠭᠡᠶᠢᠷᠡᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ᠂ ᠤᠰᠤ ᠠᠷᠪᠢᠯᠠᠬᠤ ᠠᠵᠢᠯᠯᠠᠭ᠎ᠠ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ᠃
ᠣᠳᠣᠬᠠᠨ ᠳᠤ ᠶᠠᠭ ᠰᠠᠶᠢᠬᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠠᠩᠭᠢᠯᠠᠭ᠎ᠠ ᠶᠢᠨ ᠴᠠᠭ ᠦᠶ᠎ᠡ ᠪᠣᠯᠵᠤ ᠪᠠᠶᠢᠨ᠎ᠠ᠂ ᠾᠧ ᠸᠧᠢ ᠬᠤᠸᠠ ᠯᠠᠩᠱᠠᠨ ᠪᠠᠯᠭᠠᠰᠤᠨ ᠤ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠥᠨᠳᠥᠷ ᠣᠷᠣᠨ ᠤ ᠲᠦᠮᠡᠨ ᠮᠦ ᠬᠠᠲᠠᠭᠤ ᠪᠤᠭᠤᠳᠠᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ ᠬᠦᠷᠴᠦ᠂ ᠬᠥᠷᠥᠰᠥᠨ ᠤ ᠴᠢᠭᠢᠭ ᠤᠨ ᠪᠠᠶᠢᠳᠠᠯ᠂ ᠲᠠᠷᠢᠬᠤ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯᠲᠡ ᠬᠠᠩᠭᠠᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡᠨ ᠤ ᠵᠢᠯᠤᠭᠤᠳᠤᠯᠭ᠎ᠠ ᠶᠢ ᠰᠠᠶᠢᠲᠤᠷ ᠬᠢᠵᠦ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠷᠢᠶᠠᠯᠠᠩ ᠤᠨ ᠴᠠᠭ ᠢ ᠰᠠᠭᠠᠲᠠᠭᠠᠬᠤ ᠦᠭᠡᠢ ᠪᠠᠷ ᠲᠠᠷᠢᠶᠠᠯᠠᠩ ᠤᠨ ᠦᠢᠯᠡᠳᠪᠦᠷᠢᠯᠡᠯ ᠢ ᠠᠬᠢᠭᠤᠯᠬᠤ ᠬᠡᠷᠡᠭᠲᠡᠢ᠃ ᠲᠠᠷᠢᠶᠠᠯᠠᠩ ᠤᠨ 《ᠲᠦᠷᠪᠡ ᠶᠢ ᠡᠵᠡᠮᠳᠡᠬᠦ》 ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠮᠡᠷᠭᠡᠵᠢᠯ ᠰᠢᠨ᠎ᠡ ᠵᠠᠭᠪᠤᠷ ᠢ ᠳᠡᠯᠭᠡᠷᠡᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠰᠡᠷᠭᠡᠶᠢᠯᠡᠨ ᠵᠠᠰᠠᠬᠤ ᠬᠤᠪᠢᠷᠠᠯᠲᠠ ᠶᠢᠨ ᠦᠷ᠎ᠡ ᠪᠦᠲᠦᠮᠵᠢ ᠶᠢ ᠲᠣᠳᠣᠷᠬᠠᠢ ᠶᠠᠷᠢᠵᠤ᠂ ᠤᠨᠠᠯᠲᠠ ᠶᠢ ᠳᠡᠭᠡᠭᠰᠢᠯᠡᠭᠦᠯᠬᠦ᠂ ᠪᠣᠬᠢᠷᠲᠤᠯ ᠢ ᠪᠠᠭᠠᠰᠬᠠᠬᠤ ᠶᠢ ᠪᠠᠲᠤᠯᠠᠬᠤ ᠬᠡᠷᠡᠭᠲᠡᠢ ᠃
ᠱᠤᠸᠠᠩ ᠾᠧ ᠲᠤᠸᠠᠨ ᠵᠢᠶᠧ ᠲᠤᠰᠬᠤᠨ ᠤ ᠬᠠᠳᠤᠨ ᠭᠤᠤᠯ ᠤᠨ ᠤᠰᠤ ᠶᠢ ᠲᠠᠳᠠᠵᠤ ᠲᠤᠰᠤᠯᠭᠠᠨ ᠤᠰᠤᠯᠠᠵᠤ ᠦᠷ᠎ᠡ ᠠᠰᠢᠭ ᠢ ᠨᠡᠮᠡᠭᠳᠡᠭᠦᠯᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠣᠭᠤᠷᠢᠭ ᠲᠤ᠂ ᠾᠧ ᠸᠧᠢ ᠬᠤᠸᠠ ᠬᠦᠷᠢᠶᠡᠯᠡᠩ ᠲᠤᠭᠤᠷᠢᠭ ᠤᠨ ᠲᠦᠯᠦᠪᠵᠢᠭᠦᠯᠭᠡ᠂ ᠪᠡᠯᠡ ᠮᠦᠩᠭᠦ ᠶᠢᠨ ᠢᠷᠡᠯᠲᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠤᠰᠤ ᠠᠷᠪᠢᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠠᠷᠢᠶᠠᠯᠠᠩ ᠤᠨ ᠤᠰᠤ ᠠᠷᠪᠢᠯᠠᠬᠤ ᠡᠴᠦᠰ ᠤᠨ ᠵᠣᠷᠢᠯᠭ᠎ᠠ ᠪᠣᠯ ᠤᠰᠤ ᠶᠢ ᠰᠠᠶᠢᠲᠤᠷ ᠠᠷᠪᠢᠯᠠᠵᠤ᠂ ᠥᠪᠡᠷ ᠤᠨ ᠦᠷᠳᠡᠭ ᠢ ᠪᠠᠭᠤᠷᠠᠭᠤᠯᠵᠤ᠂ ᠦᠷ᠎ᠡ ᠠᠰᠢᠭ ᠢ ᠨᠡᠮᠡᠭᠳᠡᠭᠦᠯᠵᠦ᠂ ᠠᠷᠠᠳ ᠤᠯᠠᠨ ᠳᠤ ᠪᠣᠳᠠᠲᠠᠢ ᠠᠰᠢᠭ ᠬᠦᠷᠲᠡᠭᠡᠬᠦ ᠶᠢᠨ ᠲᠥᠯᠥᠭᠡ ᠶᠤᠮ᠃ ᠤᠰᠤ ᠠᠷᠪᠢᠯᠠᠬᠤ ᠠᠵᠢᠯᠯᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ ᠲᠠᠢ ᠤᠶᠠᠯᠳᠤᠭᠤᠯᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠵᠡᠷᠭᠡ ᠪᠠᠷ ᠰᠠᠶᠢᠲᠤᠷ ᠬᠡᠷᠡᠭᠵᠢᠭᠦᠯᠵᠦ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠰᠢᠯᠭᠠᠨ ᠠᠪᠬᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥᠯ ᠵᠦᠢᠯ ᠤᠨ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠲᠥᠷᠥᠯ ᠵᠦᠢᠯ ᠤᠨ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠣᠷᠣᠭᠤᠯᠤᠯᠲᠠ ᠭᠠᠷᠭᠠᠯᠲᠠ ᠶᠢᠨ ᠲᠠᠩᠰᠠ ᠶᠢ ᠲᠣᠳᠣᠷᠬᠠᠶ ᠪᠤᠳᠤᠵᠤ᠂ ᠤᠰᠤ ᠠᠷᠪᠢᠯᠠᠬᠤ ᠦᠷ᠎ᠡ ᠠᠰᠢᠭ ᠢ ᠰᠠᠶᠢᠲᠤᠷ ᠵᠠᠳᠠᠯᠵᠤ᠂ ᠱᠠᠩᠨᠠᠵᠤ ᠨᠥᠬᠦᠪᠥᠷᠢᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠡᠯ᠎ᠡ ᠲᠠᠯ᠎ᠠ ᠶᠢᠨ ᠭᠤᠤᠯ ᠴᠣᠭᠴᠠ ᠶᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠣᠷᠣᠯᠴᠠᠭᠤᠯᠵᠤ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃
ᠾᠧ ᠸᠧᠢ ᠬᠤᠸᠠ ᠪᠠᠶᠠᠨ ᠴᠢᠯᠠᠭᠤᠨ ᠲᠣᠰᠣᠨ ᠤ ᠠᠭᠤᠷᠬᠠᠢ ᠶᠢᠨ ᠯᠢᠩᠾᠸ ᠶᠢᠨ ᠬᠠᠮᠲᠤᠷᠠᠭᠰᠠᠨ ᠥᠷᠲᠡᠭᠡ ᠦᠢᠯᠡᠳᠪᠦᠷᠢᠯᠡᠯ ᠤᠨ ᠲᠣᠭᠤᠷᠢᠭ᠂ ᠡᠵᠡᠮᠰᠢᠯ ᠤᠨ ᠲᠠᠰᠤᠭ ᠢᠶᠠᠷ ᠬᠦᠷᠴᠦ᠂ ᠴᠢᠯᠠᠭᠤᠨ ᠲᠣᠰᠣᠨ ᠤ ᠠᠭᠤᠷᠬᠠᠢ ᠶᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ᠂ ᠤᠷᠠᠨ ᠳᠠᠷᠬ᠎ᠠ ᠶᠠᠪᠤᠴᠠ᠂ ᠠᠮᠤᠷ ᠲᠦᠪᠰᠢᠨ ᠤ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠢ ᠮᠡᠷᠭᠡᠵᠢᠯ᠂ ᠴᠢᠳᠠᠪᠤᠷᠢᠲᠠᠨ᠂ ᠬᠠᠮᠢᠶᠠᠷᠤᠯᠲᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠯ᠂ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠣᠰᠣ ᠬᠡᠢ ᠶᠢᠨ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠠᠰᠢᠭᠯᠠᠬᠤ ᠪᠠ ᠦᠢᠯᠡᠳᠪᠦᠷᠢᠯᠡᠯ ᠢᠶᠠᠨ ᠨᠡᠮᠡᠭᠳᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠪᠠᠶᠠᠨ ᠴᠢᠯᠠᠭᠤᠨ ᠲᠣᠰᠣᠨ ᠤ ᠠᠭᠤᠷᠬᠠᠢ ᠶᠢ ᠬᠡᠪ ᠳᠠᠭᠤᠷᠢᠶᠠᠯ ᠪᠣᠯᠬᠤ ᠴᠢᠯᠠᠭᠤᠨ ᠲᠣᠰᠣᠨ ᠤ ᠠᠭᠤᠷᠬᠠᠢ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃
ᠬᠤᠲᠠ ᠶᠢᠨ ᠤᠳᠤᠷᠢᠳᠤᠯᠭ᠎ᠠ ᠵᠣᠣ ᠵᠢᠶᠦ᠋ᠨ ᠯᠢᠩ᠂ ᠶᠢᠨ ᠵᠣᠣ ᠫᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃