ᠵᠤᠬᠢᠶᠠᠭᠴᠢ:
ᠴᠠᠭ:2025-07-30
ᠥᠵᠡᠭᠰᠡᠨ : ℃
ᠢᠷᠡᠯᠲᠡ: ᠪᠠᠶᠠᠨᠨᠠᠭᠤᠷ ᠬᠣᠲᠠ ᠶ᠋ᠢᠨ ᠮᠣᠩᠭᠣᠯ ᠰᠦᠯᠵᠢᠶ᠎ᠡ
ᠵᠠᠩ ᠬᠤᠩ ᠹᠦ᠋ ᠤᠷᠠᠳ ᠬᠦᠷᠴᠦ ᠡᠯᠡᠰᠦ ᠵᠢ ᠵᠠᠰᠠᠬᠤ ᠪᠠ ᠴᠢᠬᠤᠯᠠ ᠶᠡᠭᠡ ᠲᠦᠷᠦᠯ ᠵᠦᠢ᠍ᠯ ᠪᠦᠲᠦᠭᠡᠨ ᠵᠡᠷᠭᠡ ᠠᠵᠢᠯ ᠰᠤᠳᠤᠯᠪᠠ
2025 7 ᠰᠠᠷ᠎ᠠ ᠵᠢᠨ 22 ᠡᠳᠦᠷ᠂ ᠬᠤᠲᠠ ᠵᠢᠨ ᠬᠤᠷᠢᠶᠠᠨ ᠳᠡᠳ᠋ ᠱᠦᠵᠢ᠂ ᠬᠤᠲᠠ ᠵᠢᠨ ᠳᠠᠷᠤᠭ᠎ᠠ ᠵᠠᠩ ᠬᠤᠩ ᠹᠦ᠋ ᠤᠷᠠᠳ ᠬᠦᠷᠴᠦ ᠡᠯᠡᠰᠦᠷᠬᠡᠭᠵᠢᠯ ᠡᠯᠡᠰᠦ ᠵᠢ ᠵᠠᠰᠠᠬᠤ ᠪᠠ ᠴᠢᠬᠤᠯᠠ ᠶᠡᠭᠡ ᠲᠦᠷᠦᠯ ᠵᠦᠢ᠍ᠯ ᠪᠦᠲᠦᠭᠡᠨ ᠵᠡᠷᠭᠡ ᠠᠵᠢᠯ ᠰᠤᠳᠤᠯᠪᠠ᠃
ᠪᠠᠶᠠᠨᠴᠢᠨᠳᠠᠮᠤᠨᠢ ᠰᠤᠮᠤ ᠵᠢᠨ ᠠᠮᠢ ᠠᠬᠤᠢ ᠵᠢᠨ ᠵᠠᠰᠠᠯᠲᠠ ᠵᠢᠨ ᠲᠦᠷᠦᠯ ᠂ ᠵᠠᠩ ᠬᠤᠩ ᠹᠦ᠋ ᠲᠦᠷᠦᠯ ᠪᠦᠳᠦᠭᠡᠨ ᠵᠢᠨ ᠂ ᠤᠷᠭᠤᠯᠳᠠ ᠵᠢᠨ ᠲᠤᠬᠠᠢ ᠵᠢᠨ ᠭᠠᠵᠠᠷ ᠲᠤᠨᠢ ᠦᠵᠡᠵᠦ᠂ 《ᠤᠮᠠᠷᠠᠲᠤ ᠶ᠋ᠢᠨ ᠭᠤᠷᠪᠠᠨ ᠣᠷᠣᠨ》 ᠲᠦᠷᠦᠯ ᠠᠬᠢᠴᠠ᠂ ᠮᠡᠷᠭᠡᠵᠢᠯ ᠠᠷᠭ᠎ᠠ ᠬᠡᠮᠵᠢᠶ᠎ᠡ᠂ ᠦᠷᠭᠦᠯᠵᠢᠯᠡᠨ ᠬᠠᠮᠢᠶᠠᠷᠴᠤ ᠨᠠᠷᠢᠨ ᠯᠠᠪᠯᠠᠨ ᠠᠰᠠᠭᠤᠪᠠ᠃ ᠲᠡᠷᠡ᠂ ᠬᠠᠳᠤᠨ ᠭᠤᠣᠯ《ᠲᠣᠬᠣᠢ》ᠶ᠋ᠢᠨ ᠪᠣᠭᠤᠮᠲᠠ ᠰᠢᠪᠲᠤᠯᠬᠤ ᠪᠦᠬᠦ ᠬᠦᠴᠦᠨ ᠵᠶ᠋ᠠᠷ ᠵᠶ᠋ᠠᠨ ᠬᠢᠵᠦ᠂ ᠲᠦᠷᠦᠯ ᠪᠠᠷᠢᠯᠭ᠎ᠠ ᠵᠢᠨ ᠬᠤᠭᠤᠴᠠᠭ᠎ᠠ ᠵᠢ ᠵᠣᠬᠢᠰᠲᠠᠢ ᠂ ᠡᠯᠡᠰᠦ ᠵᠢ ᠵᠠᠰᠠᠬᠤ ᠥᠪᠡᠷ ᠠᠷᠪᠢᠯᠠᠵᠤ᠂ ᠰᠡᠭᠦᠯᠴᠢ ᠵᠢᠨ ᠬᠠᠮᠢᠶᠠᠷᠤᠯᠲᠠ ᠵᠢ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠦᠷᠦᠯ ᠵᠦᠢ᠍ᠯ ᠬᠡᠷᠡᠭᠵᠢᠭᠦᠯᠬᠦ ᠶᠠᠪᠤᠴᠠ᠂《ᠠᠵᠢᠯ ᠣᠯᠭᠤᠯᠲᠠ ᠪᠠᠷ ᠲᠡᠳᠬᠦᠮᠵᠢ ᠵᠢ ᠣᠷᠣᠯᠠᠭᠤᠯᠬᠤ》᠂ ᠲᠤᠬᠠᠢ ᠵᠢᠨ ᠭᠠᠵᠠᠷ ᠲᠤᠨᠢ ᠮᠠᠲ᠋ᠧᠷᠢᠶᠠᠯ ᠠᠪᠬᠤ᠂ ᠬᠠᠮᠢᠶᠠᠷᠴᠤ ᠵᠡᠷᠭᠡ ᠠᠷᠭ᠎ᠠ ᠬᠡᠮᠵᠢᠶ᠎ᠡ ᠵᠢ ᠂ ᠠᠵᠢᠯ ᠣᠯᠭᠤᠯᠲᠠ ᠵᠢᠨ ᠠᠷᠭ᠎ᠠ ᠵᠠᠮ ᠤᠯᠠᠮ ᠴᠢᠨᠠᠭᠰᠢᠳᠠ ᠥᠷᠭᠡᠳᠬᠡᠵᠦ᠂ ᠨᠡᠩ ᠠᠷᠪᠢᠨ ᠤᠯᠠᠨ ᠲᠦᠮᠡᠨ ᠣᠷᠣᠯᠴᠠᠭᠤᠯᠵᠤ᠂ ᠡᠯᠡᠰᠦ ᠵᠢ ᠵᠠᠰᠠᠬᠤ ᠪᠠ ᠣᠷᠣᠯᠭ᠎ᠠ ᠵᠢ ᠨᠡᠮᠡᠭᠳᠡᠭᠦᠯᠬᠦ ᠬᠤᠣᠰ ᠠᠮᠵᠢᠯᠲᠠ ᠵᠢ ᠪᠡᠶᠡᠯᠡᠭᠦᠯᠬᠦ ᠬᠡᠷᠡᠭᠲᠡᠢ ᠃
ᠥᠨᠳᠥᠷ ᠪᠠᠷᠢᠮᠵᠢᠶᠠᠲᠤ ᠭᠤᠪᠢ ᠵᠢᠨ ᠲᠡᠮᠡᠭᠡ ᠲᠡᠵᠢᠭᠡᠨ ᠦᠷᠡᠵᠢᠭᠦᠯᠬᠦ ᠰᠠᠭᠤᠷᠢᠨ᠂ ᠵᠠᠩ ᠬᠤᠩ ᠹᠦ᠋ ᠡᠵᠡᠩᠨᠡᠯᠲᠡ ᠵᠢᠨ ᠦᠷ᠎ᠡ ᠠᠰᠢᠭ᠂ ᠠᠰᠢᠭ ᠣᠷᠣᠯᠭ᠎ᠠ ᠵᠢᠨ ᠬᠤᠪᠢᠶᠠᠷᠢᠯᠠᠯᠲᠠ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠪᠡᠯᠴᠢᠭᠡᠷᠯᠡᠭᠦᠯᠬᠦ ᠵᠢ ᠪᠡᠯᠴᠢᠭᠡᠷ ᠰᠡᠷᠭᠦᠭᠡᠬᠦ ᠪᠠ ᠮᠠᠯ ᠪᠡᠯᠴᠢᠭᠡᠷ ᠲᠡᠩᠴᠡᠭᠦᠷᠢ ᠲᠠᠢ ᠲᠦᠷᠦ ᠵᠢᠨ ᠪᠤᠳᠤᠯᠭ᠎ᠠ ᠵᠢ ᠴᠢᠩᠭ᠎ᠠ ᠤᠷᠢᠲᠠᠯ ᠳᠣᠣᠷ᠎ᠠ᠂ ᠭᠠᠵᠠᠷ ᠳᠠᠪᠠᠭᠤᠯᠢᠭ ᠲᠠᠭᠠᠨ ᠰᠠᠭᠤᠷᠢᠯᠠᠵᠤ᠂ ᠠᠷᠭ᠎ᠠ ᠪᠦᠬᠦᠨ ᠰᠦᠪᠡᠭᠴᠢᠯᠡᠵᠦ ᠤᠨᠴᠠᠯᠢᠬᠳᠤ ᠠᠵᠤ ᠦᠢ᠍ᠯᠡᠰ ᠂ ᠲᠣᠰᠬᠤᠨ ᠬᠠᠮᠲᠤ ᠵᠢᠨ ᠠᠵᠤ ᠠᠬᠤᠢ ᠵᠢ ᠲᠠᠰᠤᠷᠠᠯᠲᠠ ᠦᠭᠡᠢ ᠂ ᠠᠮᠢ ᠠᠬᠤᠢ ᠵᠢᠨ ᠦᠷᠭᠦᠯᠵᠢᠯᠡᠨ ᠵᠢ ᠠᠬᠢᠭᠤᠯᠬᠤ ᠮᠥᠷᠲᠡᠭᠡᠨ ᠮᠠᠯᠴᠢᠳ ᠣᠷᠣᠯᠭ᠎ᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠪᠠᠲᠤᠯᠠᠬᠤ ᠬᠡᠷᠡᠭᠲᠡᠢ ᠭᠡᠪᠡ᠃
ᠲᠠᠢ ᠶᠠᠩ ᠭᠧᠦ ᠵᠢᠨ ᠤᠰᠤ ᠲᠠᠲᠠᠵᠤ ᠡᠨᠧᠷᠭᠢ ᠪᠠ ᠪᠠᠶᠠᠨᠨᠠᠭᠤᠷ ᠠᠵᠤ ᠦᠢ᠍ᠯᠡᠳᠪᠦᠷᠢ ᠵᠢᠨ ᠬᠠᠲᠠᠭᠤ ᠬᠠᠶᠠᠭᠳᠠᠮᠠᠯ ᠪᠣᠳᠠᠰ ᠡᠬᠢ ᠪᠠᠶᠠᠯᠢᠭᠵᠢᠭᠤᠯᠤᠨ ᠤᠯᠠᠷᠢᠭᠤᠯᠬᠤ ᠠᠵᠤ ᠦᠢ᠍ᠯᠡᠰ ᠲᠥᠷᠥᠯ ᠂ ᠵᠠᠩ ᠬᠤᠩ ᠹᠦ᠋ ᠲᠥᠷᠥᠯ ᠪᠦᠲᠦᠭᠡᠨ ᠵᠢᠨ ᠠᠬᠢᠴᠠ᠂ ᠵᠢᠱ᠌ᠢᠭᠰᠡᠨ ᠠᠰᠢᠭ ᠣᠷᠣᠯᠭ᠎ᠠ᠂ ᠣᠷᠣᠰᠢᠵᠤ ᠠᠰᠠᠭᠤᠳᠠᠯ ᠵᠡᠷᠭᠡ ᠨᠠᠷᠢᠨ ᠃ ᠲᠡᠷᠡ᠂ ᠲᠦᠷᠦᠯ ᠵᠦᠢ᠍ᠯ ᠴᠢᠩᠭ᠎ᠠ ᠠᠳᠬᠤᠵᠤ᠂ ᠪᠦᠬᠦ ᠠᠮᠢ ᠦᠶᠡᠯᠡᠯ ᠬᠠᠮᠢᠶᠠᠷᠤᠯᠲᠠ ᠦᠢ᠍ᠯᠡᠴᠢᠯᠡᠭᠡ ᠵᠢ ᠬᠢᠵᠦ᠂ ᠠᠮᠤᠷ ᠲᠦᠪᠰᠢᠨ ᠪᠠᠲᠤᠯᠠᠭᠰᠠᠨ ᠤᠷᠢᠲᠠᠯ ᠳᠣᠣᠷ᠎ᠠ᠂ ᠪᠦᠳᠦᠭᠡᠨ ᠵᠢᠨ ᠬᠤᠷᠳᠤᠴᠠ ᠵᠢ ᠲᠦᠷᠭᠡᠳᠬᠡᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠴᠢᠨᠠᠷ ᠬᠥᠭᠵᠢᠯᠲᠡ ᠬᠦᠴᠦᠨ ᠴᠢᠳᠠᠯ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃