ᠵᠤᠬᠢᠶᠠᠭᠴᠢ:
ᠴᠠᠭ:2025-11-28
ᠥᠵᠡᠭᠰᠡᠨ : ℃
ᠢᠷᠡᠯᠲᠡ:
ᠸᠠᠩ ᠸᠧᠶ ᠵᠥᠩ ᠪᠠᠶᠠᠨᠨᠠᠭᠤᠷ ᠬᠤᠲᠠ ᠳᠤ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠳᠠᠪᠠᠭᠤᠯᠢᠭ ᠲᠠᠯ᠎ᠠ ᠪᠠᠨ ᠪᠠᠳᠠᠷᠠᠭᠤᠯᠵᠤ ᠳᠠᠯᠳᠠ ᠬᠦᠴᠦᠨ ᠵᠢᠠᠨ ᠠᠭᠤᠳᠠᠯᠤᠨ ᠬᠥᠭᠵᠢᠯᠲᠡ ᠵᠢᠨ ᠶᠠᠰᠤ ᠴᠢᠨᠠᠷ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠬᠦ ᠵᠢ ᠠᠬᠢᠭᠤᠯᠬᠤ ᠬᠡᠷᠡᠭᠲᠡᠶ
2025 11 ᠰᠠᠷ᠎ᠠ ᠵᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠸᠠᠩ ᠸᠧᠶ ᠵᠥᠩ ᠪᠠᠶᠠᠨᠨᠠᠭᠤᠷ ᠬᠤᠲᠠ ᠳᠤ ᠬᠦᠷᠴᠦ᠂ ᠤᠰᠤ ᠵᠢ ᠵᠠᠰᠠᠬᠤ ᠤᠰᠤ ᠬᠡᠷᠡᠭᠯᠡᠬᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂《 》 ᠬᠠᠯᠬᠠᠪᠴᠢ ᠣᠶ ᠵᠢᠨ ᠪᠥᠲᠥᠭᠡᠨ ᠪᠠᠢᠭᠤᠯᠤᠯᠲᠠ᠂ ᠠᠷᠠᠳ ᠠᠵᠤ ᠤᠨ ᠬᠥᠭᠵᠢᠯᠲᠡ ᠵᠡᠷᠭᠡ ᠳᠤ ᠰᠤᠳᠤᠯᠤᠯᠲᠠ ᠬᠢᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠂ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠤᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠤᠨ ᠪᠠᠢᠷᠢᠯᠠᠭᠤᠯᠤᠯᠲᠠ ᠱᠠᠭᠠᠷᠳᠠᠯᠭ᠎ᠠ ᠵᠢ ᠨᠠᠷᠢᠨ ᠬᠢᠨᠠᠮᠠᠭᠠᠢ ᠂ ᠭᠠᠵᠠᠷ ᠣᠷᠣᠨ ᠤ ᠪᠣᠳᠠᠲᠤ ᠳᠤ ᠰᠠᠭᠤᠷᠢᠯᠠᠨ᠂ ᠳᠤᠲᠠᠭᠤᠳᠠᠯ ᠵᠢᠠᠨ ᠬᠦᠴᠦᠯᠡᠨ ᠨᠥᠬᠦᠪᠥᠷᠢᠯᠡᠵᠦ᠂ ᠳᠠᠯᠳᠠ ᠬᠦᠴᠦᠨ ᠢ ᠠᠭᠤᠳᠠᠯᠤᠨ᠂ ᠳᠠᠪᠠᠭᠤᠯᠢᠭ ᠵᠢᠠᠨ ᠨᠡᠮᠡᠭᠳᠡᠭᠦᠯᠵᠦ᠂ ᠬᠥᠭᠵᠢᠯᠲᠡ ᠵᠢᠨ ᠶᠠᠰᠤ ᠴᠢᠨᠠᠷ ᠪᠣᠯᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ ᠪᠤᠷᠤᠳᠤᠬᠤᠢ ᠵᠢᠨ ᠤᠰᠤᠯᠠᠯᠳᠠ ᠵᠢᠨ ᠤᠷᠤᠨ ᠤ ᠤᠰᠤᠯᠠᠯᠳᠠ ᠪᠠ ᠤᠰᠤ ᠠᠷᠪᠢᠯᠠᠬᠤ ᠠᠵᠢᠯ ᠢ ᠲᠦᠢᠯ ᠵᠢᠠᠷ ᠠᠩᠬᠠᠷᠴᠤ᠂ ᠬᠠᠳᠤᠨ ᠭᠤᠤᠯ ᠤᠨ ᠰᠠᠨ ᠱᠧᠩ ᠬᠦᠩ ᠤᠰᠤᠨ ᠠᠰᠢᠬᠯᠠᠯᠳᠠ ᠵᠢᠨ ᠬᠦᠢᠰᠦ ᠪᠠᠷᠢᠯᠭ᠎ᠠ᠂ ᠪᠤᠷᠤᠳᠤᠬᠤᠢ ᠤᠰᠤᠯᠠᠯᠳᠠ ᠵᠢᠨ ᠤᠷᠤᠨ ᠤ ᠤᠰᠤᠨ ᠤ ᠬᠡᠮᠵᠢᠶ᠎ᠠ ᠵᠢᠨ ᠮᠡᠳᠡᠭᠡ ᠵᠠᠩᠬᠢᠵᠢᠯᠳᠠ ᠵᠢᠨ ᠬᠢᠨᠠᠨ ᠬᠡᠮᠵᠢᠯᠳᠠ ᠵᠢᠨ ᠲᠦᠪ ᠤᠨ ᠪᠦᠳᠦᠭᠡᠨ ᠪᠠ ᠡᠷᠬᠢᠯᠳᠠ ᠵᠡᠷᠭᠡ ᠤᠨ ᠲᠠᠨᠢᠯᠴᠠᠭᠤᠯᠭ᠎ᠠ ᠵᠢ ᠨᠠᠷᠢᠨ ᠬᠢᠨᠠᠮᠠᠭᠠᠢ ᠰᠤᠨᠤᠰᠪᠠ᠃ ᠲᠡᠷᠡ᠂ ᠬᠠᠲᠤᠨ ᠭᠤᠤᠯ ᠪᠣᠯ ᠳᠤᠮᠳᠠᠳᠤ ᠵᠢᠨ ᠦᠨᠳᠦᠰᠦᠲᠡᠨ ᠤ ᠡᠵᠢ ᠭᠤᠤᠯ ᠮᠥᠨ᠂ ᠪᠢᠳᠡ ᠡᠷᠬᠡᠪᠰᠢ ᠬᠠᠲᠤᠨ ᠭᠤᠤᠯ ᠢ ᠬᠠᠮᠠᠭᠠᠯᠠᠬᠤ ᠬᠦᠨᠳᠦ ᠡᠭᠦᠷᠭᠡ ᠵᠢ ᠡᠭᠦᠷᠭᠡᠯᠡᠬᠦ ᠬᠡᠷᠡᠭᠲᠡᠶ᠃《ᠤᠰᠤ ᠪᠠᠷ ᠲᠦᠷᠪᠡ ᠵᠢ ᠲᠣᠭᠲᠠᠭᠠᠬᠤ》ᠵᠠᠷᠴᠢᠮ ᠢ ᠴᠢᠩᠭ᠎ᠠ ᠂ ᠤᠰᠤᠨ ᠤ ᠡᠬᠢ ᠪᠠᠶᠠᠯᠢᠭ ᠢ ᠤᠨᠢᠨ ᠳᠡᠭᠡᠷ᠎ᠡ ᠨᠢ ᠲᠤᠬᠢᠷᠠᠭᠤᠯᠬᠤ ᠵᠢ ᠴᠢᠩᠭᠠᠳᠬᠠᠵᠤ᠂《ᠠᠷᠪᠠᠨ ᠲᠠᠪᠤᠳᠤᠭᠠᠷ ᠲᠠᠪᠤᠨ ᠵᠢᠯ》 ᠤᠨ ᠴᠢᠬᠤᠯᠠ ᠶᠡᠭᠡ ᠤᠰᠤᠨ ᠠᠰᠢᠭᠯᠠᠯᠲᠠ ᠵᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠬᠡᠷᠡᠭᠵᠢᠭᠦᠯᠵᠦ᠂ ᠤᠰᠤ ᠡᠯᠡᠰᠦ ᠵᠢ ᠲᠤᠬᠢᠷᠠᠭᠤᠯᠤᠨ ᠡᠵᠡᠮᠳᠡᠬᠦ ᠲᠣᠭᠲᠠᠴᠠ ᠵᠢ ᠲᠡᠭᠦᠯᠳᠡᠷᠵᠢᠭᠦᠯᠵᠦ᠂ ᠦᠶᠡᠷ ᠢ ᠰᠡᠷᠭᠡᠢᠢᠯᠡᠵᠦ ᠰᠦᠩ ᠬᠠᠯᠢᠶ᠎ᠠ ᠵᠢ ᠰᠡᠷᠭᠡᠢᠯᠡᠬᠦ ᠵᠡᠷᠭᠡ ᠭᠠᠮᠰᠢᠭ ᠢ ᠪᠠᠭᠠᠰᠬᠠᠬᠤ ᠲᠣᠭᠲᠠᠯᠴᠠᠭ᠎ᠠ ᠶᠢ ᠪᠦᠷᠢᠨᠰᠢᠬᠦᠯᠵᠦ᠂ ᠤᠰᠤᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠬᠤ᠂ ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ᠂ ᠤᠰᠤᠨ ᠤ ᠠᠮᠢ ᠠᠬᠤᠢ ᠵᠢ ᠢᠯᠡᠳᠲᠡ ᠰᠠᠢᠵᠢᠷᠠᠭᠤᠯᠬᠤ ᠵᠢ ᠪᠡᠶᠡᠯᠡᠭᠦᠯᠬᠦ ᠬᠡᠷᠡᠭᠲᠡᠢ᠃ ᠤᠯᠠᠭᠠᠨᠰᠤᠬᠠᠢ ᠨᠠᠭᠤᠷ ᠪᠣᠯ ᠬᠠᠳᠤᠨ ᠭᠤᠣᠯ ᠤᠨ ᠰᠠᠪᠠ ᠭᠠᠵᠠᠷ ᠤᠨ ᠬᠠᠮᠤᠭ ᠤᠨ ᠶᠡᠭᠡ ᠨᠠᠭᠤᠷ ᠪᠦᠷᠢᠳᠦ ᠨᠤᠭᠤ ᠭᠠᠵᠠᠷ ᠪᠣᠯᠤᠨ᠎ᠠ᠂ ᠸᠠᠩ ᠸᠧᠢ ᠵᠦᠩ ᠠᠮᠢ ᠠᠬᠤᠢ ᠣᠷᠴᠢᠨ ᠲᠣᠭᠤᠷᠢᠨ ᠢ ᠶᠡᠷᠦᠩᠬᠡᠢᠯᠡᠨ ᠵᠠᠰᠠᠭᠰᠠᠨ ᠢ ᠲᠤᠬᠠᠢ ᠵᠢᠨ ᠭᠠᠵᠠᠷ ᠲᠤᠨᠢ ᠦᠵᠡᠵᠦ᠂ ᠲᠣᠭᠲᠠᠯ ᠬᠦᠴᠦᠨ ᠵᠢᠠᠨ ᠪᠠᠲᠤᠯᠠᠵᠤ᠂ ᠰᠢᠨᠵᠢᠯᠡᠬᠦ ᠤᠬᠠᠭᠠᠨᠴᠢ ᠪᠠᠷ ᠵᠠᠰᠠᠵᠤ᠂ ᠰᠢᠰᠲ᠋ᠧᠮ ᠲᠠᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠡᠨᠡᠬᠦ《ᠪᠣᠭᠤᠮᠲᠠ ᠵᠢᠨ ᠭᠠᠳᠠᠨᠠᠬᠢ ᠭᠡᠷᠡᠯᠲᠦ ᠰᠤᠪᠤᠳ》 ᠢ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠤᠯᠠᠭᠠᠨᠰᠤᠬᠠᠢ ᠵᠢᠨ ᠡᠷᠭᠢ ᠵᠢᠨ ᠤᠳᠤ ᠦᠶ᠎ᠡ ᠵᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ᠂ ᠸᠠᠩ ᠸᠧᠢ ᠵᠦᠩ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠰᠠᠨᠠᠯ ᠵᠢᠠᠨ ᠭᠦᠨᠵᠡᠭᠡᠢ ᠰᠣᠯᠢᠯᠴᠠᠵᠤ᠂ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ ᠢ ᠶᠡᠬᠡᠪᠡᠷ ᠰᠢᠨᠡᠴᠢᠯᠡᠨ ᠳᠡᠯᠭᠡᠷᠡᠭᠦᠯᠵᠦ᠂ ᠲᠠᠷᠢᠮᠠᠯ ᠤᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠵᠢᠱᠢᠶ᠎ᠡ ᠦᠵᠡᠭᠦᠯᠵᠦ ᠳᠠᠢᠴᠢᠯᠠᠬᠤ ᠦᠢᠯᠡᠳᠦᠯ ᠢ ᠨᠡᠩ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
ᠬᠠᠩᠭᠢᠨ ᠬᠤᠢᠲᠤ ᠬᠤᠰᠢᠭᠤᠨ ᠤ ᠡᠯ ᠳ᠋ᠤᠤ ᠴᠢᠶᠣᠤ ᠪᠠᠯᠭᠠᠰᠤᠨ ᠤ ᠲᠠᠢ ᠶᠠᠩ ᠱᠧᠩ ᠲᠣᠰᠬᠤᠨ ᠳᠤ᠂ ᠸᠠᠩ ᠸᠧᠢ ᠵᠦᠩ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ᠂ ᠦᠨᠳᠦᠰᠦᠨ ᠱᠠᠲᠤᠨ ᠤ ᠨᠠᠮ ᠤᠨ ᠪᠠᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠢ ᠨᠠᠷᠢᠨ ᠂ ᠲᠤᠬᠠᠢ ᠵᠢᠨ ᠭᠠᠵᠠᠷ ᠤᠨ ᠲᠣᠰᠬᠤᠨ ᠤ ᠠᠷᠠᠳ ᠲᠠᠢ ᠵᠣᠭᠤᠭᠳᠠᠵᠤ᠂ ᠣᠷᠣᠯᠭ᠎ᠠ ᠪᠤᠳᠤᠪᠠ᠃ ᠲᠡᠷᠡ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠢᠭᠤᠯᠤᠯᠲᠠ ᠵᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠭᠠᠵᠠᠷ ᠰᠢᠷᠣᠢ ᠵᠢᠨ ᠠᠰᠢᠭᠯᠠᠯᠲᠠ ᠵᠢᠨ ᠦᠷ᠎ᠡ ᠪᠦᠲᠦᠮᠵᠢ ᠪᠣᠯᠤᠨ ᠬᠡᠷᠡᠭᠯᠡᠯᠲᠡ ᠵᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠪᠤᠢᠵᠢᠭᠤᠯᠤᠨ ᠬᠥᠭᠵᠢᠭᠦᠯᠵᠦ᠂ ᠲᠣᠰᠬᠤᠨ ᠤ ᠬᠠᠮᠲᠤ ᠵᠢᠨ ᠠᠵᠤ ᠠᠬᠤᠢ ᠵᠢ ᠦᠷᠭᠦᠯᠵᠢᠯᠡᠨ ᠪᠤᠵᠠᠭᠠᠢᠷᠠᠭᠤᠯᠵᠤ᠂ ᠨᠡᠩ ᠤᠯᠠᠨ ᠤᠯᠠᠨ ᠲᠦᠮᠡᠨ ᠢ ᠲᠠᠢᠴᠢᠯᠠᠨ ᠣᠷᠣᠯᠭ᠎ᠠ ᠵᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠦ ᠬᠡᠯᠡᠪᠡ᠃ ᠪᠠᠶᠠᠨᠨᠠᠭᠤᠷ ᠤᠯᠠᠮᠵᠢᠯᠠᠯᠲᠤ ᠲᠠᠷᠢᠶᠠᠯᠠᠩ ᠮᠠᠯ ᠠᠵᠤ ᠠᠬᠤᠢ ᠵᠢᠨ ᠭᠠᠵᠠᠷ ᠣᠷᠣᠨ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠲᠤᠪᠤᠢᠮ᠎ᠠ ᠪᠠᠢᠷᠢᠨ ᠳᠤ ᠲᠠᠯᠪᠢᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢ ᠠᠬᠢᠭᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢ ᠭᠦᠨᠵᠡᠭᠡᠢᠷᠡᠭᠦᠯᠬᠦ᠂ ᠦᠨᠳᠦᠰᠦᠨ ᠱᠠᠲᠤᠨ ᠤ ᠵᠠᠰᠠᠯᠲᠠ ᠵᠢ ᠴᠢᠩᠭᠠᠳᠬᠠᠬᠤ᠂ ᠪᠣᠯᠪᠠᠰᠤᠨ ᠨᠤᠲᠤᠭ ᠤᠨ ᠰᠤᠷᠲᠠᠯ ᠢ ᠪᠤᠢ ᠪᠣᠯᠭᠠᠬᠤ ᠵᠡᠷᠭᠡ ᠲᠠᠯ᠎ᠠ ᠪᠠᠷ ᠨᠡᠩ ᠶᠡᠭᠡ ᠠᠮᠵᠢᠯᠲᠠ ᠭᠠᠷᠭᠠᠬᠤ ᠬᠡᠷᠡᠭᠲᠡᠢ᠃
ᠤᠯᠤᠰ ᠤᠨ ᠰᠢᠨᠬᠤᠸᠠ ᠤᠢ ᠰᠢᠭᠤᠢ ᠵᠢᠨ ᠲᠠᠯᠠᠪᠠᠢ ᠳᠤ᠂ ᠸᠠᠩ ᠸᠧᠢ ᠵᠦᠩ ᠤᠢ ᠰᠢᠭᠤᠢ ᠵᠢᠨ ᠵᠠᠮ ᠵᠢᠠᠷ ᠶᠠᠪᠤᠵᠤ᠂ ᠤᠢ ᠮᠣᠳᠣᠨ ᠤ ᠤᠷᠭᠤᠯᠳᠠ ᠵᠢᠨ ᠢ ᠦᠵᠡᠵᠦ᠂ ᠨᠢᠭᠡ ᠲᠠᠯ᠎ᠠ ᠪᠠᠷ ᠤᠢ ᠰᠢᠭᠤᠢ ᠵᠢᠨ ᠲᠠᠯᠠᠪᠠᠢ ᠵᠢᠨ ᠠᠵᠢᠯ ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠲᠡᠷᠡ᠂ ᠶᠡᠷᠦᠩᠬᠡᠶ ᠱᠦᠵᠢ ᠰᠢ ᠵᠢᠨ ᠫᠢᠩ ᠤᠨ ᠴᠢᠩ ᠰᠡᠳᠬᠢᠯ ᠤᠨ ᠬᠦᠨᠳᠦ ᠨᠠᠢᠳᠠᠯᠭ᠎ᠠ ᠵᠢ ᠪᠠᠲᠤ ᠴᠡᠭᠡᠵᠢᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ ᠪᠠᠷ ᠣᠢ ᠮᠣᠳᠣ ᠰᠣᠩᠭᠤᠵᠤ᠂ ᠰᠡᠭᠦᠯᠴᠢ ᠵᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠢ ᠴᠢᠩᠭᠠᠳᠬᠠᠵᠤ᠂ ᠬᠠᠷᠠᠯᠲᠠ ᠪᠠᠨ ᠪᠠᠲᠤ ᠰᠠᠬᠢᠵᠤ ᠬᠠᠲᠠᠭᠤᠵᠢᠯᠲᠠᠶ ᠠᠵᠢᠯᠯᠠᠵᠤ ᠪᠣᠳᠠᠲᠠᠶ ᠠᠵᠢᠯᠯᠠᠵᠤ᠂ ᠡᠯᠡᠰᠦᠷᠬᠡᠭᠵᠢᠯ ᠢ ᠰᠡᠷᠭᠡᠢᠯᠡᠨ ᠡᠯᠡᠰᠦᠷᠬᠡᠭᠵᠢᠯ ᠢ ᠵᠠᠰᠠᠭᠰᠠᠨ ᠦᠷ᠎ᠡ ᠪᠦᠲᠦᠭᠡᠯ ᠵᠢᠠᠨ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠬᠦ ᠬᠡᠷᠡᠭᠲᠡᠶ ᠭᠡᠵᠦ ᠬᠡᠯᠡᠪᠡ᠃ ᠣᠶ ᠵᠢᠨ ᠬᠣᠷᠮᠣᠶ ᠵᠢᠨ ᠠᠵᠤ ᠠᠬᠤᠶ ᠵᠢ ᠶᠡᠬᠡᠪᠡᠷ ᠬᠥᠭᠵᠢᠭᠦᠯᠵᠦ᠂ ᠨᠡᠭᠦᠷᠡᠰᠦᠲᠥ᠋ᠷᠥᠭᠴᠢ ᠵᠢ ᠰᠢᠩᠭᠡᠭᠡᠨ ᠠᠪᠬᠤ ᠠᠷᠠᠯᠵᠢᠶ᠎ᠠ ᠵᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ ᠠᠮᠢ ᠠᠬᠤᠶ ᠵᠢᠨ ᠭᠠᠷᠤᠯᠲᠠ ᠵᠢᠨ ᠥᠷᠲᠡᠭ ᠢ ᠪᠡᠶᠡᠯᠡᠭᠦᠯᠬᠦ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠪᠠᠶᠠᠨᠨᠠᠭᠤᠷ ᠴᠢᠷᠮᠠᠢᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠨ᠂ ᠬᠠᠲᠤᠨ ᠭᠤᠤᠯ ᠤᠨ 《ᠲᠣᠬᠣᠢ》 ᠶᠢᠨ ᠰᠢᠪᠲᠤᠯᠤᠯᠲᠠ ᠵᠢᠨ ᠳᠠᠢᠯᠠᠯᠳᠤᠭᠠᠨ ᠤ ᠢᠯᠠᠯᠲᠠ ᠵᠢ ᠵᠠᠪᠠᠯ ᠤᠯᠬᠤ ᠬᠡᠷᠡᠭᠲᠡᠶ ᠃
ᠹᠦ᠋ ᠴᠤᠸᠠᠨ ᠲᠡᠵᠢᠭᠡᠨ ᠦᠷᠡᠵᠢᠭᠦᠯᠬᠦ ᠰᠢᠨᠵᠢᠯᠡᠬᠦ ᠤᠬᠠᠭᠠᠨ ᠮᠡᠷᠭᠡᠵᠢᠯ᠂ ᠲᠠᠯ᠎ᠠ ᠨᠤᠲᠤᠭ ᠤᠨ ᠰᠢᠨ ᠾᠧ ᠢᠳᠡᠭᠡᠨ᠂ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠰᠠᠨ ᠫᠠᠩ ᠳ᠋ᠠᠨ ᠵᠡᠷᠭᠡ ᠺᠣᠮᠫᠠᠨᠢ ᠳᠤ᠂ ᠸᠠᠩ ᠸᠧᠢ ᠵᠦᠩ ᠠᠯᠠᠰᠢᠨ ᠬᠤᠨᠢ ᠪᠣᠯᠤᠨ ᠨᠡᠷᠡᠨ ᠬᠤᠸᠠᠷ ᠤᠨ ᠠᠵᠤ ᠦᠢᠯᠡᠰ ᠤᠨ ᠲᠠᠷᠢᠵᠦ ᠲᠡᠵᠢᠭᠡᠬᠦ ᠡᠳ᠋ᠰᠢᠭᠦᠯᠵᠦ ᠪᠣᠷᠣᠯᠠᠭᠤᠯᠬᠤ ᠵᠡᠷᠭᠡ ᠢ ᠂ ᠠᠵᠤ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠢᠷᠠᠭᠤᠯᠵᠤ᠂ ᠮᠡᠷᠭᠡᠵᠢᠯ ᠤᠨ ᠰᠤᠳᠤᠯᠤᠨ ᠨᠡᠭᠡᠭᠡᠬᠦ ᠵᠢ ᠴᠢᠩᠭᠠᠳᠬᠠᠵᠤ᠂ ᠭᠤᠣᠯᠯᠠᠭᠴᠢ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ᠂ ᠠᠵᠢᠯ ᠲᠦᠷᠦᠯ ᠤᠨ ᠬᠥᠭᠵᠢᠯᠲᠡ ᠵᠢ ᠬᠦᠳᠦᠯᠦᠨ ᠳᠠᠭᠠᠭᠤᠯᠬᠤ 《ᠪᠤᠬ᠎ᠠ ᠲᠡᠷᠭᠡ》 ᠪᠣᠯᠬᠤ ᠪᠠᠷ ᠴᠢᠷᠮᠠᠢᠬᠤ ᠵᠢ ᠵᠣᠷᠢᠭᠵᠢᠭᠤᠯᠪᠠ᠃ ᠲᠡᠷᠡ᠂ ᠠᠷᠠᠳ ᠡᠴᠡ ᠡᠵᠡᠩᠨᠡᠭᠰᠡᠨ ᠠᠵᠤ ᠤᠨ ᠬᠥᠭᠵᠢᠯᠲᠡ ᠵᠢ ᠶᠡᠬᠡᠪᠡᠷ ᠳᠡᠮᠵᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ ᠬᠦᠴᠦᠯᠡᠨ ᠰᠢᠯᠢᠳᠡᠭᠵᠢᠭᠦᠯᠵᠦ᠂ ᠶᠡᠭᠡ ᠬᠦᠴᠦ ᠣᠷᠣᠭᠤᠯᠤᠨ ᠠᠵᠤ ᠤᠨ ᠲᠤᠰᠬᠠᠯ ᠴᠢᠩᠭ᠎ᠠ ᠪᠠᠢᠭ᠎ᠠ ᠬᠦᠴᠢᠷ ᠲᠦᠪᠡᠭᠲᠡᠢ ᠠᠰᠠᠭᠤᠳᠠᠯ ᠢ ᠰᠶᠢ᠍ᠳᠪᠦᠷᠢᠯᠡᠵᠦ᠂ ᠠᠵᠤ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠵᠤ᠂ ᠠᠷᠠᠳ ᠡᠴᠡ ᠡᠵᠡᠩᠨᠡᠭᠰᠡᠨ ᠠᠵᠤ ᠠᠬᠤᠢ ᠵᠢᠨ ᠦᠷᠭᠦᠯᠵᠢᠯᠡᠨ ᠡᠷᠡᠭᠦᠯ ᠪᠥᠭᠡᠳ ᠴᠢᠨᠠᠷ ᠰᠠᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠤᠢ ᠯᠢ ᠰᠢᠨ ᠣᠷᠣᠯᠴᠠᠵᠠᠢ᠃