ᠵᠤᠬᠢᠶᠠᠭᠴᠢ:
ᠴᠠᠭ:2026-01-06
ᠥᠵᠡᠭᠰᠡᠨ : ℃
ᠢᠷᠡᠯᠲᠡ:
ᠵᠠᠩ ᠬᠤᠩ ᠹᠦ᠋ ᠳ᠋ᠧᠩᠺᠸᠤ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠰᠤᠳᠤᠯᠵᠤ ᠱᠠᠯᠠᠪᠳᠠᠭᠤᠯᠤᠨ ᠵᠢᠯᠣᠭᠤᠳᠪᠠ
2025 12 ᠰᠠᠷ᠎ᠠ ᠵᠢᠨ 11 ᠤ ᠡᠳᠦᠷ᠂ ᠬᠤᠳᠠ ᠵᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠵᠢᠨ ᠳᠠᠷᠤᠭ᠎ᠠ ᠵᠠᠩ ᠬᠤᠩ ᠹᠦ᠋ ᠳ᠋ᠧᠩᠺᠸᠤ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭᠠᠭᠤᠯᠬᠤ ᠠᠵᠢᠯ ᠢ ᠰᠤᠳᠤᠯᠵᠤ ᠱᠠᠯᠠᠪᠳᠠᠭᠤᠯᠤᠨ ᠵᠢᠯᠣᠭᠤᠳᠪᠠ᠃
ᠪᠠᠶᠠᠨᠭᠤᠤᠯ ᠪᠠᠯᠭᠠᠰᠤᠨ ᠤ ᠴᠧᠩ ᠭᠤᠸᠠᠨ ᠲᠣᠰᠬᠤᠨ᠂ ᠪᠸᠢ ᠲᠠᠨ ᠲᠣᠰᠬᠤᠨ ᠳᠤ᠂ ᠵᠠᠩ ᠬᠤᠩ ᠹᠦ᠋ ᠮᠠᠲ᠋ᠧᠷᠢᠶᠠᠯ ᠪᠠᠢᠴᠠᠭᠠᠵᠤ᠂ ᠡᠬᠡ ᠲᠠᠩᠰᠠ ᠵᠢ ᠦᠵᠡᠵᠦ᠂ ᠬᠠᠷᠢᠭᠤ ᠮᠡᠳᠡᠭᠦᠯᠦᠯᠲᠡ ᠵᠢ ᠰᠣᠨᠣᠰᠴᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠵᠢᠨ ᠪᠣᠳᠠᠲᠠᠶ ᠢ ᠠᠰᠠᠭᠤᠨ ᠯᠠᠪᠯᠠᠵᠤ᠂ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠭᠰᠡᠨ᠂ ᠠᠵᠢᠯ ᠢ ᠠᠬᠢᠭᠤᠯᠤᠭᠰᠠᠨ ᠦᠷ᠎ᠡ ᠪᠦᠲᠦᠮᠵᠢ ᠵᠡᠷᠭᠡ ᠢ ᠨᠠᠷᠢᠨ ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠂ ᠶᠡᠷᠦᠩᠬᠡᠢ ᠱᠦᠵᠢ ᠰᠢ ᠵᠢᠨ ᠫᠢᠩ ᠤᠨ《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢ ᠪᠦᠬᠦ ᠲᠠᠯ᠎ᠠ ᠪᠠᠷ ᠨᠠᠢᠳᠠᠪᠤᠷᠢᠵᠢᠭᠤᠯᠵᠤ᠂ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠦᠷᠦ ᠵᠢᠨ ᠪᠤᠳᠤᠯᠭ᠎ᠠ ᠵᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠠᠵᠢᠯ ᠵᠢᠠᠨ ᠨᠠᠷᠢᠯᠢᠭ ᠬᠢᠵᠦ᠂ ᠯᠠᠪᠳᠠᠭᠤᠨ ᠪᠠᠲᠤᠲᠠᠢ ᠬᠢᠵᠦ᠂ ᠰᠢᠯᠵᠢᠯᠲᠡ ᠵᠢᠨ ᠬᠤᠭᠤᠴᠠᠭᠠᠨ ᠤ ᠡᠴᠦᠰ ᠤᠨ ᠡᠭᠦᠷᠭᠡ ᠵᠢ ᠴᠢᠨᠠᠷ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠠᠰᠠᠭᠤᠳᠠᠯ ᠵᠢᠠᠷ ᠤᠳᠤᠷᠢᠳᠤᠮᠵᠢ ᠪᠣᠯᠭᠠᠬᠤ ᠵᠢ ᠪᠠᠷᠢᠮᠲᠠᠯᠠᠵᠤ᠂ ᠵᠠᠩᠭᠢᠯᠠᠭ᠎ᠠ ᠵᠢᠨ ᠭᠤᠭᠴᠤᠭ᠎ᠠ ᠳᠤ ᠠᠩᠬᠠᠷᠤᠯ ᠵᠢᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠥᠷᠢᠯᠡᠵᠦ᠂ ᠨᠢᠭᠡ ᠠᠴᠠ ᠨᠦᠬᠦᠭᠡ ᠵᠢ ᠵᠦᠢᠴᠢᠯᠡᠨ ᠴᠡᠭᠴᠡᠯᠡᠨ ᠵᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠺᠠᠳ᠋ᠷ ᠤᠯᠠᠨ ᠲᠦᠮᠡᠨ ᠤ ᠬᠠᠷᠢᠴᠠᠭ᠎ᠠ ᠵᠢ ᠤᠯᠠᠮ ᠴᠢᠨᠠᠭᠰᠢᠳᠠ ᠨᠢᠭᠲᠠᠷᠠᠭᠤᠯᠵᠤ᠂ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠴᠠᠭ ᠢᠮᠠᠭᠲᠠ ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠶᠢ᠍ᠳᠪᠦᠷᠢᠯᠡᠵᠦ᠂ ᠤᠯᠠᠨ ᠲᠦᠮᠡᠨ ᠤ ᠮᠡᠳᠡᠷᠡᠮᠵᠢ ᠪᠣᠯᠤᠨ ᠬᠠᠨᠤᠮᠵᠢ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠃
ᠪᠠᠢᠴᠠᠭᠠᠨ ᠰᠤᠳᠤᠯᠤᠯᠲᠠ ᠵᠢᠨ ᠳᠤᠮᠳᠠ᠂ ᠵᠠᠩ ᠬᠤᠩ ᠹᠦ᠋ ᠬᠢᠨᠠᠨ ᠬᠡᠮᠵᠢᠬᠦ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠦᠷᠴᠦ᠂ ᠲᠡᠳᠡᠨ ᠲᠠᠢ ᠰᠠᠨᠠᠯ ᠵᠢᠠᠨ ᠭᠦᠨᠵᠡᠭᠡᠶ ᠰᠣᠯᠢᠯᠴᠠᠪᠠ᠃《ᠡᠨᠡ ᠵᠢᠯ ᠣᠷᠣᠯᠭ᠎ᠠ ᠶᠠᠮᠠᠷ ᠪᠤᠢ︖》《ᠶᠠᠮᠠᠷ ᠶᠠᠮᠠᠷ ᠲᠥᠷᠥ ᠵᠢᠨ ᠪᠣᠳᠣᠯᠭ᠎ᠠ ᠵᠢ ᠡᠳ᠋ᠯᠡᠬᠦ ᠪᠤᠢ︖》《ᠪᠠᠰᠠ ᠶᠠᠮᠠᠷ ᠬᠦᠴᠢᠷ ᠪᠤᠢ︖》ᠵᠠᠩ ᠬᠤᠩ ᠹᠦ᠋ ᠮᠠᠰᠢ ᠪᠣᠳᠠᠲᠠᠶ᠂ ᠮᠠᠰᠢ ᠨᠠᠷᠢᠨ ᠠᠰᠠᠭᠤᠪᠠ᠃ ᠵᠠᠩ ᠬᠤᠩ ᠹᠦ᠋ ᠲᠡᠳᠡᠨ ᠢ ᠢᠳᠡᠪᠬᠢᠲᠡᠶ ᠪᠠᠶᠠᠰᠤᠩᠭᠤᠶ ᠰᠡᠳᠬᠢᠯᠭᠡ ᠲᠠᠢ ᠂ ᠨᠠᠮ ᠤᠨ ᠲᠥᠷᠥ ᠵᠢᠨ ᠪᠣᠳᠣᠯᠭ᠎ᠠ ᠪᠣᠯᠤᠨ ᠠᠵᠢᠯᠴᠢ ᠬᠥᠳᠡᠯᠮᠦᠷᠢᠴᠢ ᠬᠤᠶᠠᠷ ᠭᠠᠷ ᠲᠤ ᠲᠦᠰᠢᠭᠯᠡᠨ᠂ ᠠᠮᠢᠳᠤᠷᠠᠯ ᠵᠢᠠᠨ ᠤᠯᠠᠮ ᠪᠣᠯᠭᠠᠬᠤ ᠵᠢᠨ ᠬᠠᠮᠲᠤ ᠬᠠᠮᠢᠶ᠎ᠠ ᠪᠥᠬᠦᠶ ᠢ ᠬᠥᠳᠡᠯᠦᠩᠭᠦᠶ ᠪᠠᠷ ᠬᠢᠨᠠᠨ ᠬᠡᠮᠵᠢᠬᠦ ᠵᠢ ᠦᠷᠭᠦᠯᠵᠢᠯᠡᠨ ᠬᠢᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠢ ᠣᠨᠣᠪᠴᠢᠲᠠᠶ ᠡᠵᠡᠮᠰᠢᠵᠦ᠂ ᠪᠣᠳᠠᠲᠠᠶ ᠬᠦᠴᠢᠷᠳᠡᠯ ᠢ ᠨᠢ ᠴᠠᠭ ᠲᠤᠬᠠᠶ ᠳᠤᠨᠢ ᠬᠠᠪᠰᠤᠷᠤᠨ ᠰᠶᠢ᠍ᠳᠪᠦᠷᠢᠯᠡᠵᠦ᠂ ᠣᠯᠠᠨ ᠲᠦᠮᠡᠨ ᠤ ᠬᠦᠷᠲᠡᠭᠡᠮᠵᠢᠲᠦ ᠰᠡᠳᠬᠢᠯᠭᠡ ᠂ ᠵᠤᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠤ ᠰᠡᠳᠬᠢᠯᠭᠡ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠵᠠᠬᠢᠪᠠ᠃