ᠵᠤᠬᠢᠶᠠᠭᠴᠢ:
ᠴᠠᠭ:2026-02-27
ᠥᠵᠡᠭᠰᠡᠨ : ℃
ᠢᠷᠡᠯᠲᠡ:
ᠸᠠᠩ ᠸᠧᠶ ᠵᠥᠩ ᠪᠠᠶᠠᠨᠨᠠᠭᠤᠷ ᠬᠣᠲᠠ ᠳᠤ ᠬᠣᠲᠠ ᠶ᠋ᠢᠨ ᠨᠠᠮ ᠤᠨ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠤᠳᠤᠷᠢᠳᠬᠤ ᠪᠠᠭ ᠤᠨ 2025 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠤ ᠵᠢᠭᠠᠨ ᠵᠢᠯᠣᠭᠣᠳᠤᠭᠰᠠᠨ ᠪᠥᠭᠡᠳ ᠴᠠᠭᠠᠨ ᠰᠠᠷ᠎ᠠ ᠶ᠋ᠢᠨ ᠡᠷᠬᠢᠨ ᠦᠵᠡᠵᠤ ᠲᠣᠬᠣᠨᠢᠭᠤᠯᠬᠤ ᠠᠵᠢᠯᠯᠠᠭ᠎ᠠ ᠦᠷᠨᠢᠭᠦᠯᠪᠡ
2026 2 ᠰᠠᠷ᠎ᠠ ᠶ᠋ᠢᠨ 9 ᠠᠴᠠ 10 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠬᠡ ᠬᠤᠷᠠᠯ ᠤᠨ ᠪᠠᠶᠢᠩᠭᠤ ᠶ᠋ᠢᠨ ᠬᠣᠷᠢᠶ᠎ᠠ ᠶ᠋ᠢᠨ ᠡᠷᠬᠢᠯᠡᠭᠴᠢ ᠸᠠᠩ ᠸᠧᠶ ᠵᠥᠩ ᠪᠠᠶᠠᠨᠨᠠᠭᠤᠷ ᠬᠣᠲᠠ ᠳᠤ ᠬᠦᠷᠴᠦ᠂ ᠬᠣᠲᠠ ᠶ᠋ᠢᠨ ᠨᠠᠮ ᠤᠨ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠤᠳᠤᠷᠢᠳᠬᠤ ᠪᠠᠭ ᠤᠨ 2025 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠨ ᠵᠢᠭᠠᠨ ᠵᠢᠯᠣᠭᠣᠳᠴᠤ᠂ ᠠᠬᠠᠮᠠᠳ ᠪᠠᠶᠢᠯᠳᠤᠭᠴᠢ᠂ ᠠᠬᠠᠮᠠᠳ ᠨᠠᠮ ᠤᠨ ᠭᠡᠰᠢᠭᠦᠨ᠂ ᠦᠨᠳᠦᠰᠦᠲᠡᠨ ᠤ ᠪᠦᠯᠬᠦᠮᠳᠡᠯ ᠤᠨ ᠵᠢᠱᠢᠶᠡᠴᠢ ᠬᠤᠪᠢ ᠬᠥᠮᠦᠨ᠂ ᠬᠦᠴᠢᠷᠳᠡᠯᠲᠡᠶ ᠣᠯᠠᠨ ᠲᠦᠮᠡᠨ ᠢ ᠡᠷᠭᠢᠨ ᠦᠵᠡᠵᠤ ᠲᠣᠬᠣᠨᠢᠭᠤᠯᠵᠤ᠂ ᠲᠡᠳᠡᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠪᠠ ᠵᠠᠰᠠᠭ ᠤᠨ ᠣᠷᠳᠣᠨ ᠤ ᠴᠢᠩ ᠰᠡᠳᠭᠢᠯ ᠤᠨ ᠮᠡᠨᠳᠦᠴᠢᠯᠡᠯ ᠪᠠ ᠴᠠᠭᠠᠨ ᠰᠠᠷ᠎ᠠ ᠶ᠋ᠢᠨ ᠵᠥᠩᠨᠡᠯ ᠳᠡᠪᠰᠢᠭᠦᠯᠪᠡ᠃
ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠪᠠᠶᠠᠨᠨᠠᠭᠤᠷ ᠬᠣᠲᠠ ᠶ᠋ᠢᠨ ᠨᠠᠮ ᠤᠨ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠤᠳᠤᠷᠢᠳᠬᠤ ᠪᠠᠭ ᠤᠨ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶ᠋ᠢ ᠭᠦᠨᠵᠡᠭᠡᠶ ᠰᠤᠷᠤᠯᠴᠠᠯᠭ᠎ᠠ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠪᠠᠶᠢᠳᠠᠯ᠂ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭ᠎ᠠ ᠶ᠋ᠢᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠵᠦ᠂ ᠾᠧ ᠸᠧᠶ ᠬᠤᠸᠠ ᠨᠥᠬᠥᠷ ᠬᠣᠲᠠ ᠶ᠋ᠢᠨ ᠨᠠᠮ ᠤᠨ ᠬᠣᠷᠢᠶ᠎ᠠ ᠶ᠋ᠢᠨ ᠪᠠᠶᠢᠩᠭᠤ ᠶ᠋ᠢᠨ ᠬᠣᠷᠢᠶ᠎ᠠ ᠶ᠋ᠢᠨ ᠤᠳᠤᠷᠢᠳᠬᠤ ᠪᠠᠭ ᠤᠨ ᠡᠮᠦᠨ᠎ᠠ ᠠᠴᠠ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠵᠦ᠂ ᠪᠤᠰᠤᠳ ᠤᠳᠤᠷᠢᠳᠬᠤ ᠪᠠᠭ ᠤᠨ ᠪᠦᠷᠢᠯᠳᠦᠬᠦᠨ ᠨᠠᠷ ᠲᠠᠰ ᠳᠠᠷᠠᠭᠠᠯᠠᠨ ᠦᠭᠡ ᠬᠡᠯᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶ᠋ᠢᠨ ᠠᠷᠪᠠᠳᠤᠭᠠᠷ ᠬᠢᠨᠠᠨ ᠵᠢᠯᠣᠭᠣᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠠᠮ ᠤᠨ ᠬᠣᠷᠢᠶ᠎ᠠ ᠶ᠋ᠢᠨ ᠵᠣᠬᠢᠶᠠᠨ ᠪᠠᠶᠢᠭᠤᠯᠬᠤ ᠬᠡᠯᠲᠡᠰ ᠤᠨ ᠬᠣᠯᠪᠣᠭᠳᠠᠯ ᠪᠦᠬᠦᠢ ᠨᠥᠬᠥᠳ ᠦᠨᠡᠯᠡᠯᠲᠡ ᠬᠢᠪᠡ᠃
ᠤᠯᠠᠨ ᠤ ᠬᠡᠯᠡᠬᠦ ᠶ᠋ᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠸᠠᠩ ᠸᠧᠢ ᠵᠦᠩ᠂ ᠡᠨᠡ ᠤᠳᠠᠭ᠎ᠠ ᠶ᠋ᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠭᠣᠣᠯ ᠰᠡᠳᠦᠪ ᠢ ᠴᠢᠩᠭ᠎ᠠ ᠡᠵᠡᠮᠳᠡᠵᠦ᠂ ᠭᠦᠢᠴᠡᠳ ᠪᠡᠯᠡᠳᠭᠡᠯ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠨᠡᠯᠢᠶᠡᠳ ᠪᠣᠳᠠᠲᠠᠢ ᠪᠠᠶᠢᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠡᠢ᠃ ᠤᠯᠠᠨ ᠢᠶᠡᠷ ᠢᠶᠡᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ 《ᠰᠡᠭᠦᠯᠴᠢ ᠶ᠋ᠢᠨ ᠠᠵᠢᠯ》 ᠪᠣᠳᠠᠲᠠᠢ ᠬᠢᠵᠦ᠂ ᠶᠡᠷᠦᠩᠬᠡᠢ ᠱᠦᠵᠢ ᠰᠢ ᠵᠢᠨ ᠫᠢᠩ ᠤᠨ 《ᠪᠠᠳᠤ ᠢᠳᠡᠭᠡᠬᠦ᠂ ᠪᠣᠳᠠᠲᠠᠢ ᠶ᠋ᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ᠂ ᠥᠪᠡᠷ ᠢ ᠪᠠᠨ ᠱᠠᠭᠠᠷᠳᠠᠬᠤ》ᠴᠢᠬᠤᠯᠠ ᠱᠠᠭᠠᠷᠳᠠᠯᠭ᠎ᠠ ᠶᠣᠰᠣᠭᠠᠷ᠂ ᠨᠡᠩ ᠴᠢᠩᠭ᠎ᠠ ᠱᠠᠭᠠᠷᠳᠠᠯᠭ᠎ᠠ ᠪᠠᠷ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ ᠪᠠᠷ ᠤᠳᠤᠷᠢᠳᠬᠤ ᠪᠠᠭ ᠤᠨ ᠪᠠᠶᠢᠭᠤᠯᠤᠯᠲᠠ ᠪᠠᠨ ᠴᠢᠩᠭᠠᠳᠬᠠᠵᠤ᠂ ᠨᠡᠩ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠪᠠᠶᠠᠨᠨᠠᠭᠤᠷ ᠤᠨ ᠡᠯ᠎ᠡ ᠵᠦᠢᠯ ᠤᠨ ᠠᠵᠢᠯ ᠦᠢᠯᠡᠰ ᠤᠨ ᠨᠡᠩ ᠶᠡᠬᠡ ᠬᠥᠭᠵᠢᠯᠲᠡ ᠲᠠᠢ ᠪᠣᠯᠬᠤ ᠶ᠋ᠢ ᠠᠬᠢᠭᠤᠯᠬᠤ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶ᠋ᠢ ᠡᠷᠬᠢᠮᠯᠡᠵᠦ᠂ ᠰᠢ ᠵᠢᠨ ᠫᠢᠩ ᠤᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠭᠢᠯ ᠢᠶᠡᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶ᠋ᠢ ᠴᠥᠬᠥᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠣᠯ ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠣᠷᠢᠶ᠎ᠠ ᠶ᠋ᠢᠨ ᠴᠢᠬᠤᠯᠠ ᠶᠡᠬᠡ ᠰᠶᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶ᠋ᠢ ᠨᠡᠩ ᠡᠷᠡᠰ ᠬᠦᠴᠦᠲᠡᠢ ᠨᠠᠶᠢᠳᠠᠪᠤᠷᠢᠵᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠵᠦ᠂《ᠬᠣᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂《ᠬᠣᠶᠠᠷ ᠢ ᠬᠠᠮᠠᠭᠠᠯᠠᠬᠤ》ᠶ᠋ᠢ ᠡᠷᠡᠰ ᠪᠡᠶᠡᠯᠡᠭᠦᠯᠬᠦ ᠬᠡᠷᠡᠭᠲᠡᠢ᠃ ᠴᠣᠭ ᠰᠦᠯᠳᠡ ᠪᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠢᠯ ᠤᠨ ᠪᠦᠲᠦᠮᠵᠢ ᠶ᠋ᠢᠨ ᠲᠤᠬᠠᠢ ᠵᠦᠪ ᠦᠵᠡᠯᠲᠡ ᠶ᠋ᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠳᠡᠭᠡᠷ᠎ᠠ ᠱᠠᠲᠤ ᠨᠢ ᠳᠤᠤᠷ᠎ᠠ ᠱᠠᠲᠤ ᠪᠠᠨ ᠳᠠᠭᠠᠭᠤᠯᠤᠨ ᠰᠤᠷᠤᠯᠴᠠᠯᠭ᠎ᠠ ᠶ᠋ᠢ ᠶᠡᠬᠡᠪᠡᠷ ᠡᠷᠬᠢᠮᠯᠡᠵᠦ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠦᠨᠡᠨ ᠬᠦ ᠠᠳᠬᠤᠨ ᠪᠣᠳᠠᠲᠠᠶ ᠠᠵᠢᠯᠯᠠᠵᠤ᠂ ᠲᠥᠪ ᠭᠤᠤᠯᠴᠢ ᠠᠷᠢᠭᠤᠨ ᠴᠢᠬᠡᠴᠢ ᠪᠠᠶᠢᠵᠤ᠂《ᠰᠢᠪᠲᠤᠯᠤᠯᠳᠠ ᠬᠢᠬᠦ》ᠵᠣᠷᠢᠭ ᠰᠠᠨᠠᠭ᠎ᠠ᠂《ᠡᠭᠦᠳᠦᠨ ᠪᠦᠲᠦᠭᠡᠬᠦ》ᠡᠷᠴᠢ ᠵᠣᠷᠢᠭ᠂《ᠪᠤᠳᠠᠳᠠᠢ ᠠᠵᠢᠯᠯᠠᠬᠤ》ᠬᠡᠪ ᠰᠤᠷᠲᠠᠯ ᠢ ᠡᠭᠦᠷᠢᠳᠡ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶ᠋ᠢᠨ《1571》ᠠᠵᠢᠯ ᠤᠨ ᠪᠠᠶᠢᠷᠢᠯᠠᠭᠤᠯᠤᠯᠲᠠ ᠶ᠋ᠢ ᠭᠦᠨᠵᠡᠭᠡᠶ ᠨᠠᠶᠢᠳᠠᠪᠤᠷᠢᠵᠢᠭᠤᠯᠵᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠥᠨᠳᠥᠷ ᠲᠦᠪᠰᠢᠨ ᠪᠥᠬᠥᠶ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶ᠋ᠢ ᠲᠦᠷᠭᠡᠳᠭᠡᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂《ᠠᠷᠪᠠᠨ ᠲᠠᠪᠤᠳᠤᠭᠠᠷ ᠲᠠᠪᠤᠨ ᠵᠢᠯ 》 ᠰᠠᠶᠢᠨ ᠡᠬᠢᠯᠡᠯᠲᠡ ᠲᠠᠢ ᠪᠤᠯᠭᠠᠵᠤ᠂ ᠠᠨᠭᠬᠠᠨ ᠤ ᠠᠯᠬᠤᠮ ᠢ ᠰᠠᠶᠢᠳᠤᠷ ᠠᠯᠬᠤᠬᠤ ᠶ᠋ᠢ ᠠᠬᠢᠭᠤᠯᠬᠤ ᠬᠡᠷᠡᠭᠳᠡᠢ᠃ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶ᠋ᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶ᠋ᠢ ᠴᠥᠬᠥᠷᠡᠰᠢ ᠦᠭᠡᠢ ᠠᠬᠢᠭᠤᠯᠵᠤ᠂ ᠰᠦᠨ ᠱᠤᠤ ᠴᠧᠩ᠂ ᠸᠠᠩ ᠯᠢ ᠰᠢᠶᠠ ᠵᠡᠷᠭᠡ ᠬᠥᠮᠦᠰ ᠤᠨ ᠰᠠᠬᠢᠯᠭ᠎ᠠ ᠪᠠᠲᠤ ᠬᠠᠤᠯᠢ ᠴᠠᠭᠠᠵᠠ ᠶ᠋ᠢ ᠬᠦᠨᠳᠦ ᠨᠣᠴᠢᠲᠠᠢ ᠵᠥᠷᠢᠴᠡᠭᠰᠡᠨ ᠢᠶᠠᠷ ᠰᠡᠵᠢᠭᠯᠡᠭᠳᠡᠭᠰᠡᠨ ᠠᠰᠠᠭᠤᠳᠠᠯ ᠠᠴᠠ ᠭᠦᠨᠵᠡᠭᠡᠢ ᠰᠤᠷᠭᠠᠮᠵᠢ ᠠᠪᠴᠤ᠂ ᠢᠯᠵᠢᠷᠡᠯ ᠢ ᠡᠰᠡᠷᠭᠦᠴᠡᠬᠦ ᠦᠨᠳᠦᠷ ᠳᠠᠷᠤᠯᠲᠠᠲᠤ ᠪᠠᠶᠢᠳᠠᠯ ᠢ ᠭᠤᠶᠢᠪᠢᠰᠢ ᠦᠭᠡᠢ ᠪᠠᠲᠤᠯᠠᠵᠤ᠂《ᠢᠯᠵᠢᠷᠠᠬᠦ ᠠᠴᠠ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠶ᠋ᠢ ᠪᠤᠳᠤᠬᠤ ᠦᠭᠡᠢ ᠪᠠᠶᠢᠬᠤ》 ᠶ᠋ᠢ ᠨᠢᠭᠡ ᠠᠬᠢᠭᠤᠯᠵᠤ᠂ ᠭᠡᠷ ᠪᠦᠯᠢ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶ᠋ᠢ ᠴᠢᠩᠭᠠᠳᠬᠠᠵᠤ᠂ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠡᠬᠢᠵᠢᠭᠦᠯᠦᠨ ᠥᠷᠭᠡᠳᠭᠡᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶ᠋ᠢ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶ᠋ᠢ ᠬᠥᠩᠭᠡᠷᠡᠭᠦᠯᠵᠦ᠂ ᠤᠯᠤᠰ ᠲᠦᠷᠦ ᠶ᠋ᠢᠨ ᠠᠮᠢ ᠠᠬᠤᠢ ᠶ᠋ᠢ ᠦᠷᠭᠦᠯᠵᠢᠯᠡᠨ ᠴᠡᠪᠡᠷᠰᠢᠭᠦᠯᠵᠦ᠂ ᠰᠠᠶᠢᠨ ᠰᠠᠶᠢᠬᠠᠨ ᠬᠥᠭᠵᠢᠯᠲᠡ ᠶ᠋ᠢᠨ ᠣᠷᠴᠢᠨ ᠢ ᠪᠤᠢ ᠪᠣᠯᠭᠠᠬᠤ ᠬᠡᠷᠡᠭᠲᠡᠢ ᠭᠡᠵᠦ ᠬᠡᠯᠡᠪᠡ᠃
ᠪᠢᠯᠢᠭ ᠤᠨ ᠤᠯᠠᠷᠢᠯ ᠤᠨ ᠯᠠ ᠰᠠᠷ᠎ᠠ ᠶ᠋ᠢᠨ ᠬᠤᠷᠢᠨ ᠭᠤᠷᠪᠠᠨ ᠬᠦᠷᠴᠤ ᠢᠷᠡᠬᠦ ᠪᠠᠷ᠂ ᠸᠠᠩ ᠸᠧᠢ ᠵᠦᠩ ᠰᠠᠶᠢᠨ ᠳᠤᠷ᠎ᠠ ᠶ᠋ᠢᠨ ᠴᠡᠷᠢᠭ ᠤᠨ ᠠᠬᠠᠮᠠᠳ ᠪᠠᠶᠢᠯᠳᠤᠭᠴᠢ ᠰᠢᠤᠢ ᠵᠧᠨ ᠤ ᠭᠡᠷ ᠲᠤ ᠬᠦᠷᠴᠦ᠂ ᠨᠠᠰᠤᠲᠠᠨ ᠲᠠᠢ ᠳᠣᠲᠣᠨᠣ ᠶᠠᠷᠢᠯᠴᠠᠵᠤ᠂ ᠪᠡᠶ᠎ᠡ ᠶ᠋ᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠢ ᠬᠠᠯᠠᠮᠵᠢᠯᠠᠨ ᠠᠰᠠᠭᠤᠵᠤ᠂ ᠨᠠᠰᠤᠲᠠᠨ ᠤ ᠴᠡᠷᠢᠭ ᠶᠠᠪᠤᠭᠰᠠᠨ ᠦᠯᠢᠬᠡᠷ ᠢᠶᠡᠨ ᠶᠠᠷᠢᠵᠤ᠂ ᠶᠡᠷᠦ ᠪᠤᠰᠤ ᠶ᠋ᠢᠨ ᠣᠨ ᠵᠢᠯ ᠤᠳ ᠢ ᠡᠷᠭᠢᠴᠡᠭᠦᠯᠬᠦ ᠶ᠋ᠢ ᠨᠠᠷᠢᠨ ᠬᠢᠨᠠᠮᠠᠭᠠᠢ ᠰᠣᠨᠣᠰᠴᠤ᠂ ᠲᠡᠭᠦᠨ ᠳᠤ ᠴᠢᠩ ᠰᠡᠳᠭᠢᠯ ᠤᠨ ᠬᠦᠨᠳᠦᠳᠭᠡᠯ ᠢᠶᠠᠨ ᠳᠡᠪᠰᠢᠭᠦᠯᠬᠦ ᠶ᠋ᠢᠨ ᠬᠠᠮᠲᠤ ᠨᠠᠰᠤᠲᠠᠨ ᠤ ᠤᠷᠳᠤ ᠨᠠᠰᠤᠯᠠᠵᠤ ᠤᠳᠠᠭᠠᠨ ᠵᠢᠷᠭᠠᠬᠤ ᠶ᠋ᠢ ᠵᠥᠩᠨᠡᠪᠡ᠃ ᠲᠡᠷᠡ᠂ ᠠᠬᠠᠮᠠᠳ ᠪᠠᠶᠢᠯᠳᠤᠭᠴᠢᠳ ᠤᠨ ᠬᠤᠪᠢᠰᠬᠠᠯᠲᠤ ᠦᠢᠯᠡ ᠠᠵᠢᠯᠯᠠᠭ᠎ᠠ ᠪᠣᠯᠤᠨ ᠬᠤᠪᠢᠰᠬᠠᠯᠲᠤ ᠵᠣᠷᠢᠭ ᠰᠠᠨᠠᠭ᠎ᠠ ᠶ᠋ᠢ ᠭᠦᠨᠵᠡᠭᠡᠶ ᠠᠭᠤᠳᠠᠯᠤᠨ ᠶᠡᠬᠡ ᠪᠠᠷ ᠤᠬᠠᠭᠤᠯᠵᠤ᠂ ᠨᠡᠶᠢᠭᠡᠮ ᠳᠠᠶᠠᠭᠠᠷ ᠲᠤ ᠪᠠᠭᠠᠲᠤᠷᠴᠤᠳ ᠢ ᠬᠦᠨᠳᠦᠳᠭᠡᠬᠦ᠂ ᠪᠠᠭᠠᠲᠤᠷᠴᠤᠳ ᠠᠴᠠ ᠰᠤᠷᠤᠯᠴᠠᠬᠤ᠂ ᠪᠠᠭᠠᠲᠤᠷᠴᠤᠳ ᠪᠣᠯᠬᠤ ᠪᠠᠷ ᠴᠢᠷᠮᠠᠶᠢᠬᠤ ᠭᠦᠨ ᠵᠤᠵᠠᠭᠠᠨ ᠠᠭᠤᠷ ᠠᠮᠢᠰᠭᠤᠯ ᠢ ᠪᠣᠶ ᠪᠣᠯᠭᠠᠬᠤ ᠬᠡᠷᠡᠭᠲᠡᠶ᠃ ᠬᠣᠯᠪᠣᠭᠳᠠᠯ ᠪᠥᠬᠥᠶ ᠰᠠᠯᠠᠭ᠎ᠠ ᠮᠥᠴᠢᠷ ᠤᠶᠢᠯᠡᠴᠢᠯᠡᠭᠡ ᠪᠠᠲᠤᠯᠠᠭ᠎ᠠ ᠶ᠋ᠢᠨ ᠠᠵᠢᠯ ᠢ ᠰᠡᠳᠭᠢᠯ ᠳᠡᠯᠪᠢᠨ ᠬᠦᠴᠦ ᠣᠷᠣᠭᠤᠯᠤᠨ ᠰᠠᠶᠢᠲᠤᠷ ᠬᠢᠵᠦ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶ᠋ᠢᠨ ᠪᠣᠳᠣᠯᠭ᠎ᠠ ᠶ᠋ᠢ ᠰᠠᠶᠢᠲᠤᠷ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠢ ᠵᠣᠯ ᠵᠢᠷᠭᠠᠯ ᠲᠠᠢ ᠪᠠᠷ ᠥᠲᠡᠯᠦᠭᠡ ᠨᠠᠰᠤ ᠵᠢ ᠨᠢ ᠥᠩᠭᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃ ᠠᠬᠠᠮᠠᠳ ᠨᠠᠮ ᠤᠨ ᠭᠡᠰᠢᠭᠦᠨ ᠯᠢ ᠢᠦᠢ ᠯᠠᠨ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ ᠶᠡᠷᠦᠨᠢ ᠵᠦᠭᠡᠷ ᠰᠠᠭᠤᠬᠤ ᠦᠭᠡᠢ ᠪᠠᠶᠢᠵᠤ᠂ ᠶᠡᠬᠡ ᠬᠡᠮᠵᠢᠶᠡᠨ ᠤ ᠵᠥᠷᠢᠴᠡᠯ ᠢ ᠠᠮᠵᠢᠯᠲᠠ ᠲᠠᠢ ᠡᠶᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ《ᠠᠯᠲᠠᠨ ᠮᠧᠳᠠᠯᠳᠤ ᠡᠶᠡᠳᠡᠭᠦᠯᠦᠭᠴᠢ》ᠪᠠᠷ ᠦᠨᠡᠯᠡᠭᠳᠡᠵᠠᠢ᠃ ᠯᠢ ᠢᠦᠶ ᠯᠠᠨ ᠤ ᠬᠡᠷ ᠲᠤ᠂ ᠸᠠᠩ ᠸᠧᠶ ᠵᠥᠩ ᠲᠡᠭᠦᠨ ᠳᠤ ᠴᠠᠭᠠᠨ ᠰᠠᠷ᠎ᠠ ᠶ᠋ᠢᠨ ᠵᠥᠩᠨᠡᠯ ᠳᠡᠪᠰᠢᠭᠦᠯᠵᠦ᠂ ᠲᠡᠭᠦᠨ ᠤ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠬᠠᠮᠠᠭᠠᠯᠠᠬᠤ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ᠂ ᠲᠡᠭᠦᠨ ᠢ ᠦᠷᠭᠦᠯᠵᠢᠯᠡᠨ ᠬᠡᠷᠡᠯ ᠭᠢᠯᠪᠠᠭ᠎ᠠ ᠪᠠᠨ ᠪᠠᠳᠠᠷᠠᠭᠤᠯᠵᠤ᠂ ᠦᠨᠳᠦᠰᠦᠨ ᠱᠠᠲᠤᠨ ᠤ ᠵᠠᠰᠠᠯᠲᠠ ᠶ᠋ᠢᠨ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠳᠤ ᠨᠠᠩ ᠣᠯᠠᠨ ᠲᠤᠷᠰᠢᠯᠭ᠎ᠠ ᠣᠶᠤᠨ ᠤᠬᠠᠭᠠᠨ᠂ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠶ᠋ᠢ ᠬᠦᠰᠡᠪᠡ᠃ ᠲᠠᠷᠠᠭᠡ ᠨᠢ᠂ ᠸᠠᠩ ᠸᠧᠢ ᠵᠦᠩ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶ᠋ᠢᠨ ᠵᠢᠱᠢᠶᠡᠴᠢ ᠬᠤᠪᠢ ᠬᠥᠮᠦᠨ ᠪᠦᠬᠡᠳᠡᠮᠤᠷ ᠢ ᠡᠷᠬᠢᠨ ᠦᠵᠡᠵᠦ ᠲᠣᠬᠣᠨᠢᠭᠤᠯᠵᠤ᠂ ᠲᠡᠭᠦᠨ ᠢ ᠢᠷᠠᠭᠤ ᠠᠯᠳᠠᠷ ᠢᠶᠠᠨ ᠨᠠᠨᠳᠢᠩᠨᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠳᠤᠮᠳᠠᠳᠤ ᠶ᠋ᠢᠨ ᠦᠨᠳᠦᠰᠦᠲᠡᠨ ᠤ ᠬᠠᠮᠲᠤ ᠶ᠋ᠢᠨ ᠴᠣᠭᠴᠠ ᠶ᠋ᠢᠨ ᠪᠠᠶᠢᠭᠤᠯᠤᠯᠲᠠ ᠶ᠋ᠢ ᠠᠬᠢᠭᠤᠯᠬᠤ ᠲᠠᠯ᠎ᠠ ᠪᠠᠷ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ《ᠬᠠᠮᠤᠭ ᠤᠨ ᠭᠤᠶᠤ ᠰᠢᠨ᠎ᠡ ᠴᠠᠭ ᠦᠶ᠎ᠡ ᠶ᠋ᠢᠨ ᠬᠤᠪᠢᠰᠬᠠᠯᠲᠤ ᠴᠡᠷᠢᠭ》 ᠬᠠᠷᠢᠭᠤᠴᠠᠯᠭ᠎ᠠ ᠡᠭᠦᠷᠭᠡᠯᠡᠯ ᠪᠣᠯᠤᠨ ᠴᠤᠭ ᠵᠢᠪᠬᠤᠭ᠎ᠠ ᠶ᠋ᠢ ᠢᠯᠡᠷᠡᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃
ᠸᠠᠩ ᠸᠧᠶ ᠵᠦᠩ ᠣᠯᠠᠨ ᠲᠦᠮᠡᠨ ᠤ ᠠᠮᠢᠳᠤᠷᠠᠯ ᠢ ᠮᠠᠰᠢ ᠬᠠᠯᠠᠮᠵᠢᠯᠠᠵᠤ ᠪᠠᠶᠢᠯ᠎ᠠ᠃ ᠲᠡᠷᠡ ᠲᠣᠭᠣᠷᠢᠭ ᠤᠨ ᠰᠠᠭᠤᠭᠠᠯᠢ ᠠᠷᠠᠳ ᠸᠠᠩ ᠴᠧᠩ ᠢ ᠶ᠋ᠢᠨ ᠭᠡᠷ ᠲᠤ ᠬᠦᠷᠴᠦ᠂ ᠭᠡᠷ ᠪᠦᠯᠢ ᠶ᠋ᠢᠨ ᠣᠷᠣᠯᠭ᠎ᠠ᠂ ᠡᠪᠡᠳᠴᠢᠨ ᠢᠶᠡᠨ ᠦᠵᠡᠭᠦᠯᠵᠦ ᠡᠮᠨᠡᠭᠦᠯᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠮᠢᠳᠤᠷᠠᠯ ᠳᠤᠮᠳᠠ ᠪᠠᠰᠠ ᠶᠠᠮᠠᠷ ᠬᠦᠴᠢᠷᠳᠡᠯ ᠪᠠᠶᠢᠬᠤ ᠶ᠋ᠢ ᠠᠰᠠᠭᠤᠪᠠ᠃ ᠳᠡᠳᠡᠨ ᠤ ᠬᠢᠨ ᠨᠠᠮ ᠪᠣᠯᠤᠨ ᠵᠠᠰᠠᠭ ᠤᠨ ᠣᠷᠳᠣᠨ ᠤ ᠬᠠᠪᠰᠤᠷᠤᠯᠭ᠎ᠠ ᠳᠣᠣᠷ᠎ᠠ᠂ ᠣᠷᠣᠯᠭ᠎ᠠ ᠲᠠᠢ᠂ ᠡᠪᠡᠳᠴᠢᠨ ᠦᠵᠡᠭᠦᠯᠬᠦ ᠳᠤ ᠪᠠᠲᠤᠯᠠᠭ᠎ᠠ ᠲᠠᠢ᠂ ᠠᠮᠢᠳᠤᠷᠠᠯ ᠨᠢ ᠬᠦᠰᠡᠯ ᠡᠷᠡᠮᠡᠯᠵᠡᠯ ᠲᠠᠢ ᠪᠠᠶᠢᠬᠤ ᠶ᠋ᠢ ᠰᠣᠨᠣᠰᠤᠭᠠᠳ ᠸᠠᠩ ᠸᠧᠢ ᠵᠦᠩ ᠮᠠᠰᠢ ᠪᠠᠶᠠᠷᠯᠠᠵᠤ᠂ ᠲᠡᠳᠡᠨ ᠢ ᠢᠳᠡᠪᠬᠢᠲᠡᠢ ᠥᠭᠡᠳᠡᠷᠬᠡᠭ ᠠᠮᠢᠳᠤᠷᠠᠯ ᠤᠨ ᠣᠪᠣᠷ ᠲᠠᠢ ᠪᠠᠶᠢᠵᠤ᠂ ᠠᠮᠢᠳᠤᠷᠠᠯ ᠢᠶᠠᠨ ᠤᠯᠠᠮ ᠰᠠᠶᠢᠨ ᠪᠣᠯᠭᠠᠬᠤ ᠪᠠᠷ ᠴᠢᠷᠮᠠᠶᠢᠬᠤ ᠶ᠋ᠢ ᠵᠣᠷᠢᠭᠵᠢᠭᠤᠯᠪᠠ᠃ ᠲᠡᠷᠡ᠂ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠡᠯ᠎ᠡ ᠱᠠᠲᠤᠨ ᠤ ᠨᠠᠮ ᠤᠨ ᠬᠣᠷᠢᠶ᠎ᠠ ᠪᠣᠯᠤᠨ ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠭᠦᠨᠵᠡᠭᠡᠶ ᠦᠢᠯᠡᠳᠦᠯᠭᠡᠵᠢᠭᠦᠯᠵᠦ᠂ ᠣᠯᠠᠨ ᠲᠦᠮᠡᠨ ᠤ ᠶᠠᠪᠤᠳᠠᠯ ᠢ ᠢᠮᠠᠭᠲᠠ ᠰᠡᠳᠭᠢᠯ ᠳᠡᠭᠡᠨ ᠪᠤᠳᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠦᠴᠢᠷᠳᠡᠯᠲᠡᠶ ᠬᠥᠮᠦᠰ ᠤᠨ ᠦᠢᠯᠡᠳᠪᠦᠷᠢᠯᠡᠯ ᠠᠮᠢᠳᠤᠷᠠᠯ ᠢ ᠢᠯᠡᠭᠦᠬᠡᠨ ᠬᠠᠯᠠᠮᠵᠢᠯᠠᠵᠤ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯ ᠢ ᠬᠦᠴᠦᠯᠡᠨ ᠰᠶᠢᠳᠪᠦᠷᠢᠯᠡᠵᠦ᠂ ᠠᠷᠠᠳ ᠣᠯᠠᠨ ᠤ ᠠᠮᠤᠷ ᠠᠮᠤᠭᠤᠯᠠᠩ ᠪᠠᠶᠠᠷ ᠬᠥᠷ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶ᠋ᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠵᠡᠪᠰᠡᠭᠲᠦ ᠴᠠᠭᠳᠠᠭ᠎ᠠ ᠶ᠋ᠢᠨ ᠥᠪᠥᠷ ᠮᠣᠩᠭᠣᠯ ᠤᠨ ᠶᠡᠷᠦᠩᠬᠡᠢ ᠠᠩᠬᠢ ᠶ᠋ᠢᠨ ᠺᠤᠮᠠᠨᠳ᠋ᠯᠠᠭᠴᠢ ᠭᠦᠸᠧ ᠵᠢᠶᠦ᠋ᠨ ᠣᠷᠣᠯᠴᠠᠵᠠᠢ᠃