ᠵᠤᠬᠢᠶᠠᠭᠴᠢ:
ᠴᠠᠭ:2022-01-14
ᠥᠵᠡᠭᠰᠡᠨ : ℃
ᠢᠷᠡᠯᠲᠡ: ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
ᠣᠷᠳᠤᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠡᠶᠢᠲᠡ 51 ᠵᠤᠷᠪᠤᠰ ᠲᠡᠭᠡᠭᠡᠪᠦᠷᠢᠯᠡᠨ ᠡᠵᠡᠩᠨᠡᠬᠦ ᠠᠶᠠᠯᠠᠯ ᠤᠨ ᠱᠤᠭᠤᠮ ᠤᠯᠤᠰ ᠤᠨ ᠳᠣᠲᠣᠭᠠᠳᠤ ᠶᠢᠨ 43 ᠬᠤᠲᠠ ᠳᠤ ᠨᠡᠪᠲᠡᠷᠡᠪᠡ
ᠪᠦᠷᠢᠳᠬᠡᠯ ᠢ ᠦᠨᠳᠦᠰᠦᠯᠡᠪᠡᠯ᠂ 2021 ᠣᠨ ᠳᠤ᠂ ᠣᠷᠳᠣᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠶᠠᠨᠴᠢᠳ ᠣᠷᠣᠭᠤᠯᠵᠤ ᠭᠠᠷᠭᠠᠭᠰᠠᠨ ᠬᠡᠮᠵᠢᠶ᠎ᠡ 1502958 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.1% ᠪᠠᠷ ᠨᠡᠮᠡᠭᠳᠡᠪᠡ︔ ᠪᠠᠷᠠᠭ᠎ᠠ ᠪᠠ ᠰᠢᠤᠳᠠᠨ ᠤ ᠵᠦᠢᠯ ᠤᠨ ᠣᠷᠣᠭᠤᠯᠵᠤ ᠭᠠᠷᠭᠠᠭᠰᠠᠨ ᠬᠡᠮᠵᠢᠶ᠎ᠡ ᠶᠢ 7283.5 ᠲᠣᠨ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 45.3% ᠪᠠᠷ ᠨᠡᠮᠡᠭᠳᠡᠪᠡ︔ ᠨᠤᠭᠤᠯᠤᠨ ᠪᠣᠳᠤᠭᠰᠠᠨ ᠣᠷᠣᠭᠤᠯᠵᠤ ᠭᠠᠷᠭᠠᠭᠰᠠᠨ ᠬᠡᠮᠵᠢᠶ᠎ᠡ 1583886 ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ︔ 2944032 ᠰᠠᠭᠤᠳᠠᠯ ᠬᠠᠩᠭᠠᠵᠤ᠂ ᠠᠳᠠᠯᠢ ᠬᠤᠭᠤᠴᠠᠭᠠᠨ ᠤ ᠬᠢ ᠠᠴᠠ 34.3% ᠪᠠᠷ ᠨᠡᠮᠡᠭᠳᠡᠪᠡ︔ ᠲᠡᠭᠡᠭᠡᠪᠦᠷᠢ ᠶᠢᠨ ᠨᠢᠰᠦᠯᠲᠡ 18180 ᠨᠢᠰᠭᠡᠯ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.6% ᠪᠠᠷ ᠨᠡᠮᠡᠭᠳᠡᠵᠡᠶ᠃
2021 ᠣᠨ ᠳᠤ᠂ ᠣᠷᠳᠣᠰ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠨᠡᠶᠢᠲᠡ 51 ᠵᠤᠷᠪᠤᠰ ᠲᠡᠭᠡᠭᠡᠪᠦᠷᠢᠯᠡᠨ ᠡᠵᠡᠩᠨᠡᠬᠦ ᠠᠶᠠᠯᠠᠯ ᠤᠨ ᠱᠤᠭᠤᠮ ᠤᠯᠤᠰ ᠤᠨ ᠳᠣᠲᠣᠭᠠᠳᠤ ᠶᠢᠨ 43 ᠬᠤᠲᠠ ᠳᠤ ᠨᠡᠪᠲᠡᠷᠡᠵᠡᠢ᠂ ᠡᠳᠡᠭᠡᠷ ᠨᠢ ᠲᠤᠰ ᠪᠦᠷᠢ ᠪᠡᠭᠡᠵᠢᠩ᠂ ᠬᠠᠩᠵᠧᠦ᠂ ᠵᠧᠩᠵᠧᠤ᠂ ᠱᠧᠨᠵᠧᠨ᠂ ᠰᠠᠨᠶᠠ᠂ ᠭᠤᠸᠠᠩᠵᠧᠦ᠂ ᠱᠠᠩᠬᠠᠶ᠂ ᠺᠦᠨᠮᠢᠩ᠂ ᠬᠠᠷᠪᠢᠨ᠂ ᠰᠢ ᠠᠨ᠂ ᠨᠠᠨᠴᠠᠩ᠂ ᠵᠦᠬᠠᠶ᠂ ᠴᠠᠩᠴᠦ᠋ᠨ᠂ ᠯᠠᠨᠵᠧᠤ᠂ ᠵᠢᠨᠠᠨ᠂ ᠦᠬᠠᠨ᠂ ᠴᠧᠩᠳᠦ᠋᠂ ᠴᠠᠩᠱᠠ᠂ ᠨᠠᠨᠵᠢᠩ᠂ ᠨᠠᠨᠶᠠᠩ᠂ ᠱᠢ ᠵᠢᠶᠠ ᠵᠤᠸᠠᠩ᠂ ᠬᠠᠨᠳᠠᠨ᠂ ᠸᠧᠨᠵᠧᠦ᠂ ᠵᠢᠨᠢᠩ᠂ ᠰᠢᠶᠠᠮᠧᠨ᠂ ᠮᠦᠭᠳᠡᠨ᠂ ᠴᠦᠩᠴᠢᠩ᠂ ᠭᠦᠢᠯᠢᠨ᠂ ᠲᠠᠶᠢᠶᠤᠸᠠᠨ᠂ ᠰᠢᠨᠢᠩ᠂ ᠴᠢᠩᠳᠣᠤ᠂ ᠳ᠋ᠠᠯᠢᠶᠠᠨ᠂ ᠾᠧᠹᠧᠢ᠂ ᠢᠷᠭᠠᠶ᠂ ᠬᠥᠬᠡᠬᠤᠲᠠ᠂ ᠰᠢᠶᠠᠩ ᠭᠧ ᠯᠢ ᠯᠡ᠂ ᠬᠤᠸᠠᠢ ᠠᠨ᠂ ᠵᠠᠩ ᠵᠢᠶᠠ ᠵᠢᠶᠧ᠂ ᠯᠢᠨ ᠢ᠂ ᠤᠯᠠᠭᠠᠨᠬᠤᠲᠠ᠂ ᠿᠢ ᠵᠣᠣ᠂ ᠲᠢᠶᠠᠨᠵᠢᠨ᠂ ᠦᠬᠠᠶ ᠪᠣᠯᠤᠨ᠎ᠠ᠃
2021 ᠣᠨ ᠳᠤ᠂ ᠤᠷᠳᠤᠰ ᠤᠨ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠨᠡᠶᠢᠳᠡ 11 ᠠᠭᠠᠷ ᠤᠨ ᠠᠶᠠᠯᠠᠯ ᠤᠨ ᠺᠣᠮᠫᠠᠨᠢ ᠣᠷᠤᠯᠴᠠᠵᠠᠢ᠂ ᠡᠳᠡᠭᠡᠷ ᠨᠢ ᠳᠤᠰ ᠳᠤᠰ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ᠂ ᠡᠮᠦᠨᠡᠲᠦ ᠶᠢᠨ ᠠᠭᠠᠷ ᠤᠨ ᠠᠶᠠᠯᠠᠯ ᠤᠨ ᠺᠣᠮᠫᠠᠨᠢ᠂ ᠱᠠᠩᠬᠠᠢ ᠶᠢᠨ ᠠᠭᠠᠷ ᠤᠨ ᠠᠶᠠᠯᠠᠯ ᠤᠨ ᠺᠣᠮᠫᠠᠨᠢ᠂ ᠳᠣᠷᠣᠨᠠᠲᠤ ᠶᠢᠨ ᠠᠭᠠᠷ ᠤᠨ ᠠᠶᠠᠯᠠᠯ ᠤᠨ ᠺᠣᠮᠫᠠᠨᠢ᠂ ᠬᠤᠯᠪᠣᠭᠠᠲᠤ ᠠᠭᠠᠷ ᠤᠨ ᠠᠶᠠᠯᠠᠯ ᠤᠨ ᠺᠣᠮᠫᠠᠨᠢ᠂ ᠰᠧᠴᠤᠸᠠᠨ ᠤ ᠠᠭᠠᠷ ᠤᠨ ᠠᠶᠠᠯᠠᠯ ᠤᠨ ᠺᠣᠮᠫᠠᠨᠢ᠂ ᠬᠤᠸᠠᠰᠢᠶᠠ ᠠᠭᠠᠷ ᠤᠨ ᠠᠶᠠᠯᠠᠯ ᠤᠨ ᠺᠣᠮᠫᠠᠨᠢ᠂ ᠥᠪᠥᠷ ᠮᠣᠩᠭᠤᠯ ᠤᠨ ᠠᠭᠠᠷ ᠤᠨ ᠠᠶᠠᠯᠠᠯ ᠤᠨ ᠺᠣᠮᠫᠠᠨᠢ᠂ ᠤᠮᠠᠷᠠᠲᠤ ᠶᠢᠨ ᠲᠦᠷᠭᠡᠨ ᠱᠤᠭᠤᠮ ᠤᠨ ᠠᠭᠠᠷ ᠤᠨ ᠠᠶᠠᠯᠠᠯ ᠤᠨ ᠺᠣᠮᠫᠠᠨᠢ᠂ ᠵᠢᠶᠠᠩᠰᠢ ᠶᠢᠨ ᠲᠦᠷᠭᠡᠨ ᠱᠤᠭᠤᠮ ᠤᠨ ᠠᠭᠠᠷ ᠤᠨ ᠠᠶᠠᠯᠠᠯ ᠤᠨ ᠺᠤᠮᠫᠠᠨᠢ ᠪᠣᠯᠤᠨ᠎ᠠ᠃