ᠵᠤᠬᠢᠶᠠᠭᠴᠢ:
ᠴᠠᠭ:2025-03-14
ᠥᠵᠡᠭᠰᠡᠨ : ℃
ᠢᠷᠡᠯᠲᠡ: ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
ᠬᠢᠶ᠎ᠠ ᠪᠠᠭᠰᠢ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ
2025 ᠤᠨ ᠤ 3 ᠳᠤᠭᠠᠷ ᠰᠠᠷ᠎ᠠ ᠶᠢᠨ 11 ᠤ ᠡᠳᠦᠷ᠂ ᠬᠢᠶ᠎ᠠ ᠪᠠᠭᠰᠢ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ 《ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ》 ᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠠᠵᠢᠯ ᠢᠶᠠᠨ ᠡᠷᠭᠢᠴᠡᠭᠦᠯᠵᠦ ᠳ᠋ᠦᠩᠨᠠᠨ᠂ 2025 ᠣᠨ ᠤ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃
ᠬᠤᠷᠠᠯ ᠠᠴᠠ᠂ 2025 ᠣᠨ ᠤ ᠬᠢᠶ᠎ᠠ ᠪᠠᠭᠰᠢ ᠲᠣᠭᠤᠷᠢᠭ ᠤᠨ ᠨᠢᠭᠡᠳᠦᠮᠡᠯ ᠹᠷᠣᠨᠲ ᠤᠨ ᠠᠵᠢᠯ ᠤᠨ ᠶᠡᠷᠦᠩᠬᠡᠢ ᠰᠡᠳᠬᠢᠴᠡ ᠪᠣᠯ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠣᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠨᠠᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠳᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠤᠷᠢᠳ ᠢᠶᠠᠷ ᠬᠡᠷᠡᠭᠵᠢᠭᠦᠯᠵᠦ ᠵᠢᠱᠢᠶ᠎ᠡ ᠦᠵᠡᠭᠦᠯᠬᠦ ᠶᠢ ᠰᠠᠶᠢᠲᠤᠷ ᠠᠳᠬᠤᠬᠤ ᠪᠠᠷ ᠭᠤᠣᠯᠳᠠᠯᠭ᠎ᠠ ᠪᠣᠯᠭᠠᠵᠤ᠂ ᠨᠢᠭᠡ ᠭᠤᠣᠯ ᠰᠢᠵᠢᠮ ᠢ ᠪᠠᠲᠤ ᠡᠵᠡᠮᠳᠡᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠵᠢᠷᠭᠤᠭᠠᠨ ᠠᠵᠢᠯᠯᠠᠭ᠎ᠠ ᠶᠢ ᠦᠷᠨᠢᠭᠦᠯᠦᠨ᠂ ᠳᠣᠯᠤᠭ᠎ᠠ ᠶᠢ ᠲᠥᠪᠯᠡᠷᠡᠭᠦᠯᠬᠦ ᠶᠢ ᠪᠠᠷᠢᠮᠲᠠᠯᠠᠬᠤ ᠶᠢᠨ ᠲᠣᠭᠤᠷᠢᠨ ᠳᠤ᠂ ᠬᠢᠶ᠎ᠠ ᠪᠠᠭᠰᠢ ᠲᠤᠭᠤᠷᠢᠭ ᠤᠨ ᠨᠢᠭᠡᠳᠦᠮᠡᠯ ᠹᠷᠣᠨᠲ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠲᠡᠷᠢᠭᠦᠨ ᠤ ᠪᠣᠯᠬᠤ ᠪᠠᠷ ᠴᠢᠷᠮᠠᠶᠢᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠣᠯᠣᠨ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠦᠲᠦᠭᠡᠨ ᠪᠠᠶᠢᠭᠤᠯᠬᠤ ᠳᠤ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠤᠨ᠎ᠠ ᠬᠡᠵᠦ ᠵᠢᠭᠠᠨ ᠭᠠᠷᠭᠠᠪᠠ᠃
ᠬᠤᠷᠠᠯ ᠠᠴᠠ᠂ 《ᠲᠦᠷᠪᠡ ᠶᠢ ᠪᠠᠷᠢᠮᠲᠠᠯᠠᠬᠤ》 ᠶᠢ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠤᠯᠤᠰ ᠲᠦᠷᠦ ᠶᠢᠨ ᠰᠠᠭᠤᠷᠢ ᠪᠠᠨ ᠪᠠᠲᠤᠳᠬᠠᠵᠤ᠂ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠬᠦ ᠶᠢ ᠪᠠᠷᠢᠮᠲᠠᠯᠠᠨ᠂ ᠵᠢᠱᠢᠶ᠎ᠡ ᠦᠵᠡᠭᠦᠯᠬᠦ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ᠂ ᠰᠡᠳᠬᠢᠯ ᠨᠢᠭᠡᠳᠦᠨ ᠬᠦᠴᠦᠨ ᠢᠶᠠᠨ ᠲᠥᠪᠯᠡᠷᠡᠭᠦᠯᠬᠦ ᠶᠢ ᠪᠠᠷᠢᠮᠲᠠᠯᠠᠨ᠂ ᠨᠢᠭᠡᠳᠦᠮᠡᠯ ᠹᠷᠣᠨᠲ ᠤᠨ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠪᠠᠷᠢᠮᠵᠢᠶᠠᠯᠠᠨ ᠬᠠᠷᠭᠤᠭᠤᠯᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ ᠰᠡᠳᠬᠢᠬᠦᠢ ᠪᠠᠨ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠨᠡᠩ ᠲᠡᠭᠦᠯᠳᠡᠷᠵᠢᠭᠰᠡᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠤᠨ ᠲᠣᠭᠲᠠᠯᠴᠠᠭ᠎ᠠ ᠶᠢ ᠬᠦᠴᠦᠯᠡᠨ ᠪᠠᠶᠢᠭᠤᠯᠵᠤ᠂ ᠨᠢᠭᠡᠳᠦᠮᠡᠯ ᠹᠷᠣᠨᠲ ᠤᠨ ᠬᠥᠮᠦᠰ ᠤᠨ ᠰᠡᠳᠬᠢᠯ ᠪᠠ ᠤᠯᠠᠨ ᠲᠠᠯ᠎ᠠ ᠶᠢᠨ ᠬᠦᠴᠦᠨ ᠢ ᠨᠢᠭᠲᠠᠷᠠᠭᠤᠯᠬᠤ ᠲᠠᠯ᠎ᠠ ᠪᠠᠷ ᠬᠢ ᠥᠪᠡᠷᠮᠢᠴᠡ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ 《ᠭᠤᠷᠪᠠᠨ ᠭᠠᠵᠠᠷ ᠨᠢᠭᠡ ᠬᠤᠲᠠ》 ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠥᠬᠦ ᠲᠠᠯ᠎ᠠ ᠶᠢᠨ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠶ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠰᠢᠨ᠎ᠡ ᠬᠡᠯᠪᠡᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠣᠨ᠂ ᠠᠷᠠᠳ ᠡᠴᠡ ᠡᠵᠡᠩᠨᠡᠭᠰᠡᠨ ᠠᠵᠤ ᠠᠬᠤᠢ ᠶᠢᠨ ᠰᠢᠨ᠎ᠡ ᠶᠢ ᠡᠭᠦᠳᠬᠦ ᠲᠠᠯᠳᠠ ᠴᠢᠳᠠᠪᠤᠷᠢ ᠶᠢ ᠬᠥᠭᠵᠢᠭᠡᠬᠦ ᠬᠡᠷᠡᠭᠲᠡᠢ᠃ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠨᠢᠭᠡᠳᠦᠮᠡᠯ ᠹᠷᠣᠨᠲ ᠤᠨ ᠠᠵᠢᠯ ᠳᠠᠬᠢ ᠴᠢᠬᠤᠯᠠ ᠦᠢᠯᠡᠳᠦᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠤᠯᠠᠨ ᠨᠠᠮ ᠤᠨ ᠬᠠᠮᠲᠤᠷᠠᠯᠴᠠᠭ᠎ᠠ ᠶᠢᠨ ᠨᠡᠩ ᠵᠢᠷᠤᠮᠵᠢᠯ ᠲᠠᠢ ᠡᠮᠬᠢ ᠳᠢᠭᠯᠢᠮ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠡᠨᠡ ᠬᠦ ᠦᠨᠳᠦᠰᠦᠨ ᠵᠦᠢᠯ ᠢ ᠰᠠᠶᠢᠲᠤᠷ ᠠᠳᠬᠤᠵᠤ᠂ ᠨᠠᠮ ᠤᠨ ᠭᠠᠳᠠᠨᠠᠬᠢ ᠰᠡᠬᠡᠭᠡᠲᠡᠨ ᠵᠢᠴᠢ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠲᠤᠰ ᠪᠡᠶ᠎ᠡ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠨ ᠭᠠᠷᠮᠠᠭᠠᠢ ᠠᠮᠵᠢᠯᠲᠠ ᠪᠦᠲᠦᠮᠵᠢ ᠭᠠᠷᠭᠠᠬᠤ ᠶᠢ ᠬᠥᠭᠵᠢᠭᠡᠬᠦ ᠬᠡᠷᠡᠭᠲᠡᠢ᠃ ᠨᠥᠬᠦᠷᠯᠡᠯ ᠤᠨ ᠬᠠᠷᠢᠯᠴᠠᠭᠠᠨ ᠤ ᠠᠷᠭ᠎ᠠ ᠬᠡᠯᠪᠡᠷᠢ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠶᠠᠩᠭᠠᠩ ᠣᠣᠮᠧᠨ ᠲᠠᠶᠢᠸᠠᠨ ᠵᠢᠴᠢ ᠭᠠᠳᠠᠭᠠᠳᠤ ᠳᠠᠬᠢ ᠨᠢᠭᠡᠳᠦᠮᠡᠯ ᠹᠷᠣᠨᠲ ᠤᠨ ᠡᠬᠢ ᠪᠠᠶᠠᠯᠢᠭ ᠤᠨ ᠬᠥᠮᠦᠰ ᠤᠨ ᠰᠡᠳᠬᠢᠯ ᠢ ᠤᠯᠬᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠢ᠃ ᠰᠠᠭᠤᠷᠢ ᠶᠢ ᠪᠠᠬᠢᠵᠢᠭᠦᠯᠵᠦ ᠰᠠᠭᠤᠷᠢ ᠶᠢ ᠴᠢᠩᠭᠠᠳᠬᠠᠬᠤ ᠪᠠᠷ ᠭᠤᠣᠯᠳᠠᠯᠭ᠎ᠠ ᠲᠠᠢ ᠪᠠᠲᠤᠯᠠᠭ᠎ᠠ ᠪᠣᠯᠭᠠᠵᠤ᠂ ᠨᠢᠭᠡᠳᠦᠮᠡᠯ ᠹᠷᠣᠨᠲ ᠤᠨ ᠺᠠᠳ᠋ᠷ ᠤᠨ ᠡᠩᠨᠡᠭᠡᠨ ᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠥᠷᠭᠡᠨ ᠤᠯᠠᠨ ᠨᠢᠭᠡᠳᠦᠮᠡᠯ ᠹᠷᠣᠨᠲ ᠤᠨ ᠪᠦᠷᠢᠯᠳᠦᠬᠦᠨ ᠢ ᠪᠦᠯᠬᠦᠮᠳᠡᠭᠦᠯᠦᠨ ᠨᠢᠭᠲᠠᠷᠠᠭᠤᠯᠵᠤ᠂ ᠡᠷᠡᠯᠬᠡᠭᠯᠡᠨ ᠲᠡᠮᠡᠴᠡᠵᠦ᠂ ᠬᠢᠶ᠎ᠠ ᠪᠠᠭᠰᠢ ᠲᠤᠭᠤᠷᠢᠭ ᠤᠨ ᠨᠢᠭᠡᠳᠦᠮᠡᠯ ᠹᠷᠣᠨᠲ ᠤᠨ ᠦᠢᠯᠡᠰ ᠢ ᠠᠬᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠪᠣᠯᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠵᠢᠨ ᠵᠢᠱᠢᠶ᠎ᠡ ᠦᠵᠡᠭᠦᠯᠬᠦ ᠣᠷᠣᠨ ᠢ ᠲᠦᠷᠭᠡᠨ ᠪᠦᠳᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃